ᠭᠤᠣᠯᠯᠠᠭᠴᠢ ᠡᠷᠦᠭᠡ ᠶᠢᠨ ᠴᠡᠷᠢᠭ ᠤᠨ ᠶᠡᠷᠦᠩᠬᠡᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠡᠷᠦᠭᠡ ᠶᠢᠨ ᠴᠡᠷᠢᠭ ᠤᠨ ᠡᠩᠨᠡᠭᠡᠨ ᠤ ᠨᠢᠭᠲᠠᠷᠠᠯ ᠤᠨ ᠬᠦᠴᠦᠨ ᠪᠠ ᠲᠡᠶᠢᠴᠢᠠ ᠬᠦᠴᠦᠨ ᠢ ᠴᠢᠩᠭᠠᠷᠠᠭᠤᠯᠬᠤ ᠶᠢᠨ | ᠳᠦᠯᠦᠭᠡ ᠂ ᠤᠯᠠᠭᠠᠨ ᠬᠠᠭᠠᠯᠭ᠎ᠠ ᠰᠤᠮᠤ ᠨᠢ ᠬᠠᠷᠢᠶᠠᠲᠤ ᠣᠷᠣᠨ ᠤ ᠰᠢᠯᠢᠳᠡᠭ ᠡᠷᠦᠬᠡ ᠶᠢᠨ ᠴᠡᠷᠢᠭ ᠢ ᠵᠣᠬᠢᠶᠠᠨ | ᠪᠠᠶᠢᠭᠤᠯᠤᠨ᠂ 12 ᠡᠳᠦᠷ ᠤᠨ ᠬᠤᠭᠤᠴᠠᠭ᠎ᠠ ᠲᠠᠢ ᠪᠥᠬᠦ ᠬᠤᠰᠢᠭᠤᠨ ᠤ ᠰᠢᠯᠢᠳᠡᠭ ᠡᠷᠦᠬᠡ ᠶᠢᠨ ᠴᠡᠷᠢᠭ ᠤᠨ | ᠪᠣᠯᠪᠠᠰᠤᠷᠠᠭᠤᠯᠤᠯ ᠳᠤ ᠣᠷᠣᠯᠴᠠᠭᠤᠯᠵᠤ᠂ ᠰᠢᠯᠢᠳᠡᠭ ᠡᠷᠦᠬᠡ ᠶᠢᠨ ᠴᠡᠷᠢᠭ ᠤᠨ ︽ᠡᠩ ᠤᠨ ᠦᠶ᠎ᠡ ᠳᠤ ᠦᠢᠯᠡᠴᠢᠯᠡᠬᠦ | ᠂ ᠪᠠᠴᠢᠮ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ᠂ ᠲᠡᠶᠢᠨ ᠤ ᠦᠶ᠎ᠡ ᠳᠤ ᠠᠷᠭᠠᠴᠠᠬᠤ︾ ᠶᠡᠷᠦᠩᠬᠡᠶᠢᠯᠡᠭᠰᠡᠨ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠲᠤᠰ ᠤᠳᠠᠭᠠᠨ ᠤ ᠪᠣᠯᠪᠠᠰᠤᠷᠠᠯ ᠢ ᠭᠤᠣᠯᠳᠠᠭᠤ ᠴᠡᠷᠢᠭ ᠤᠨ ᠶᠠᠪᠤᠳᠠᠯ ᠤᠨ ᠤᠨᠤᠯ᠂ ᠳᠠᠶᠢᠨ ᠤ | ᠪᠡᠯᠡᠳᠬᠡᠯ ᠤᠨ ᠶᠡᠷᠦ ᠶᠢᠨ ᠮᠡᠳᠡᠯᠭᠡ᠂ ᠴᠡᠷᠢᠭ ᠤᠨ ᠮᠡᠷᠭᠡᠵᠢᠯ ᠤᠨ ᠲᠦᠷᠦᠯ ᠤᠨ ᠶᠡᠷᠦ ᠶᠢᠨ ᠮᠡᠳᠡᠯᠭᠡ᠂ ᠤᠯᠤᠰ | ᠲᠦᠷᠦ ᠶᠢᠨ ᠬᠥᠮᠦᠵᠢᠯ᠂ ᠡᠷᠡᠭᠦᠯ ᠬᠠᠮᠠᠭᠠᠯᠠᠯ ᠪᠣᠯᠣᠨ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ | ᠦᠨᠡᠨ ᠰᠤᠮᠤᠨ ᠤ ᠫᠤᠤᠳᠠᠯᠭ᠎ᠠ ᠵᠡᠷᠭᠡ ᠠᠯᠢ ᠤᠯᠠᠨ ᠵᠢᠩᠬᠢᠨᠢ ᠪᠠᠶᠢᠯᠳᠤᠭᠠᠨᠴᠢᠯᠠᠭᠰᠠᠨ ᠬᠢᠴᠢᠶᠡᠯ ᠤᠨ ᠪᠣᠯᠪᠠᠰᠤᠷᠠᠯ ᠤᠨ | ᠲᠣᠭᠤᠷᠢᠨ ᠳᠤ ᠥᠷᠨᠢᠭᠦᠯᠵᠡᠢ᠃ ᠡᠨᠡ ᠤᠳᠠᠭᠠᠨ ᠤ ᠡᠷᠦᠭᠡ ᠶᠢᠨ ᠴᠡᠷᠢᠭ ᠤᠨ ᠪᠣᠯᠪᠠᠰᠤᠷᠠᠯ ᠢᠶᠠᠷ ᠮᠠᠨ ᠤ ᠰᠤᠮᠤᠨ ᠤ | ᠵᠠᠯᠠᠭᠤᠴᠤᠳ ᠤᠨ ᠰᠢᠷᠭᠠᠭᠤ ᠬᠠᠲᠠᠭᠤᠵᠢᠯᠲᠠᠢ ᠲᠡᠮᠡᠴᠡᠬᠦ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠵᠣᠷᠢᠭ | ᠰᠠᠨᠠᠭ᠎ᠠ ᠶᠢ ᠳᠠᠪᠲᠠᠨ ᠪᠣᠯᠪᠠᠰᠤᠷᠠᠭᠤᠯᠵᠤ᠂ ᠡᠷᠦᠭᠡ ᠶᠢᠨ ᠴᠡᠷᠢᠭ ᠤᠨ ᠪᠠᠭᠠᠲᠤᠷ ᠳᠦᠷᠢ ᠶᠢ ᠢᠯᠡᠷᠡᠭᠦᠯᠵᠦ᠂ | ᠬᠦᠴᠢᠷ ᠠᠴᠠ ᠠᠶᠤᠬᠤ ᠦᠭᠡᠢ ᠡᠷᠦᠭᠡ ᠶᠢᠨ ᠴᠡᠷᠢᠭ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ | ᠬᠡᠷᠡᠭᠴᠡᠭᠡ ᠲᠠᠢ ᠦᠶ᠎ᠡ ᠳᠤ ᠵᠠᠷᠯᠢᠭ ᠢ ᠰᠣᠨᠣᠰᠤᠨ ᠬᠥᠳᠡᠯᠵᠦ᠂ ᠦᠨᠡᠨᠬᠦ ︽ᠲᠠᠲᠠᠵᠤ ᠳᠡᠶᠢᠯᠬᠦ᠂ ᠬᠡᠷᠡᠭᠯᠡᠵᠦ ᠳᠡᠶᠢᠯᠬᠦ᠂ | ᠦᠢᠯᠡᠳᠦᠯ ᠦᠵᠡᠭᠦᠯᠬᠦ︾ ᠨᠢᠳᠤᠷᠭ᠎ᠠ ᠶᠢᠨ ᠬᠦᠴᠦᠨ ᠪᠣᠯᠬᠤ ᠪᠣᠯᠣᠨ᠎ᠠ᠃ | |