ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠠᠵᠤ ᠠᠬᠤᠶᠢᠯᠠᠯ ᠳᠤ ᠬᠦᠷᠴᠦ  ︽ᠠᠷᠠᠳ ᠤᠨ ᠳᠤᠮᠳᠠ ᠭᠦᠨᠵᠡᠭᠡᠶᠢᠷᠡᠬᠦ— ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠤᠯᠠᠭᠠᠨᠮᠥ᠋ᠴᠢᠷ ᠤᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/19
   6 ᠰᠠᠷ᠎ᠠ ᠶᠢᠨ17 ᠤ ᠡᠳᠦᠷ᠂ ︽ᠡᠭᠦᠷᠢᠳᠡ ᠨᠠᠮ ᠢᠶᠠᠨ ᠲᠠᠭᠠᠨ᠎ᠠ —2024 ᠣᠨ ᠤ ᠪᠥᠬᠦ ᠣᠷᠤᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ  ︾ ᠶᠢᠨ ᠲᠠᠰᠢᠷᠠᠮ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠨᠢ ᠬᠤᠸᠠ ᠷᠦᠨ ᠴᠠᠬᠢᠯᠭᠠᠨ ᠬᠦᠴᠦᠨ ︵ᠰᠢᠯᠢ ᠶᠢᠨ ᠭᠤᠥᠯ︶ ᠤ ᠨᠡᠭᠦᠷᠡᠰᠦᠨ ᠤ ᠦᠢᠯᠡᠰ ᠤᠨ ᠬᠢᠵᠠᠭᠠᠷᠲᠦ ᠺᠣᠮᠫᠠᠨᠢ ᠳᠤ ᠭᠦᠨᠵᠡᠭᠡᠶᠢᠷᠡᠨ᠂ 2024 ᠣᠨ ᠤ ᠠᠶᠤᠯᠭᠦᠢ ᠦᠢᠯᠡᠳᠪᠦᠷᠢᠯᠡᠯ ᠤᠨ ᠰᠠᠷ᠎ᠠ ᠵᠢᠴᠢ ︽ᠠᠷᠠᠳ ᠤᠨ ᠳᠤᠮᠳᠠ ᠭᠦᠨᠵᠡᠭᠡᠶᠢᠷᠡᠬᠦ—ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠤᠯᠠᠭᠠᠨᠮᠥ᠋ᠴᠢᠷ ᠤᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ᠃    ᠲᠤᠰ ᠤᠳᠠᠭᠠᠨ ᠤ ᠠᠵᠢᠯᠯᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠳᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠠᠴᠠ ᠭᠤᠤᠯᠯᠠᠨ ᠡᠷᠬᠢᠯᠡᠵᠦ᠂ ᠬᠤᠸᠠ ᠷᠦᠨ ᠴᠠᠬᠢᠯᠭᠠᠨ ᠬᠦᠴᠦᠨ ︵ᠰᠢᠯᠢ ᠶᠢᠨ ᠭᠤᠥᠯ︶ ᠤ ᠨᠡᠭᠦᠷᠡᠰᠦᠨ ᠤ ᠦᠢᠯᠡᠰ ᠤᠨ ᠬᠢᠵᠠᠭᠠᠷᠲᠦ ᠺᠤᠮᠫᠠᠨᠢ᠂ ᠺᠠᠢ ᠯᠦᠩ ᠪᠦᠯᠦᠭᠯᠠᠯ ᠤᠨ ᠪᠠᠷᠠᠭᠤᠨ ᠦᠵᠦᠮᠦᠴᠢᠨ ᠬᠤᠰᠢᠭᠤᠨ ᠳᠠᠬᠢ ᠬᠤᠪᠢᠶᠠᠷᠢ ᠺᠤᠮᠫᠠᠨᠢ ᠠᠴᠠ ᠬᠠᠮᠲᠦᠷᠠᠨ ᠡᠷᠬᠢᠯᠡᠪᠡ᠃    ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠦ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠥᠯ ᠱᠤᠭᠤᠮ ᠪᠣᠯᠭᠠᠵᠤ᠂ ᠤᠯᠠᠭᠠᠨᠮᠥᠴᠢᠷ ᠤᠨ ᠲᠣᠭᠯᠠᠭᠴᠢᠳ ᠠᠴᠠ  ︽ᠬᠥᠮᠥᠨ ᠪᠥᠬᠦᠨ ᠠᠮᠤᠷ ᠳᠥᠪᠰᠢᠨ ᠢ ᠡᠷᠬᠢᠮᠯᠠᠨ᠂ ᠬᠥᠮᠥᠨ ᠪᠥᠬᠦᠨ ᠪᠠᠴᠢᠮ ᠪᠠᠶᠢᠳᠠᠯ ᠢ ᠠᠷᠭᠠᠴᠠᠬᠤ— ᠠᠮᠤᠷ ᠲᠦᠪᠰᠢᠨ ᠰᠠᠭᠠᠳ ᠦᠭᠡᠢ ᠨᠡᠪᠲᠡᠷᠡᠭᠦᠯᠬᠦ  ︾ ᠭᠤᠥᠯ ᠰᠡᠳᠦᠪ ᠤᠨ ᠲᠣᠭᠤᠷᠢᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠳ ᠲᠤ ᠭᠤᠶᠢᠳᠠ ᠰᠠᠶᠢᠬᠠᠨ ᠲᠤᠭᠯᠠᠯᠳᠠ ᠪᠠᠨ ᠬᠦᠷᠭᠡᠵᠦ᠂ ᠬᠤᠸᠠ ᠷᠦᠨ ᠴᠠᠬᠢᠯᠭᠠᠨ ᠬᠦᠴᠦᠨ ︵ᠰᠢᠯᠢ ᠶᠢᠨ ᠭᠤᠥᠯ︶ ᠤ ᠨᠡᠭᠦᠷᠡᠰᠦᠨ ᠤ ᠦᠢᠯᠡᠰ ᠤᠨ ᠬᠢᠵᠠᠭᠠᠷᠲᠦ ᠺᠤᠮᠫᠠᠨᠢ ᠶᠢᠨ ᠠᠵᠢᠯᠲᠠᠨ ᠠᠵᠢᠯᠴᠢᠨ ᠤ ᠲᠥᠯᠥᠭᠡᠯᠡᠭᠴᠢ ᠠᠴᠠ ᠠᠶᠤᠯᠭᠦᠢ ᠦᠢᠯᠡᠳᠪᠦᠷᠢᠯᠡᠯ  ᠤᠨ ᠭᠤᠤᠯ ᠰᠠᠳᠣᠪᠳᠣ ᠲᠤᠭᠯᠠᠯᠳᠠ ᠪᠠᠨ ᠰᠣᠨᠢᠷᠬᠠᠭᠤᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号