ᠤᠯᠠᠨ ᠰᠢᠯᠢᠳᠡᠭ ᠲᠠᠮᠢᠷᠴᠢᠨ ᠲᠠᠢ ︽ᠠᠪᠤᠷᠭᠤ ᠶᠢᠨ ᠥᠯᠥᠭᠡᠢ︾ ᠪᠥᠬᠡ ᠶᠢᠨ ᠥᠷᠥᠭᠡ
ᠨᠡᠶᠢᠲᠡᠯᠡᠭᠰᠡᠨ ᠴᠠᠭ᠄
2024/6/19
     ᠪᠠᠷᠠᠭᠤᠨ ᠦᠵᠦᠮᠦᠴᠢᠨ ᠬᠤᠰᠢᠭᠤᠨ ᠤ ︽ᠠᠪᠤᠷᠭᠤ ᠶᠢᠨ ᠦᠯᠤᠬᠡᠢ︾ ᠪᠦᠬᠡ ᠶᠢᠨ  ᠥᠷᠥᠭᠡ ᠨᠢ ᠤᠯᠤᠰ᠂ ᠦᠪᠡᠷᠳᠠᠬᠡᠨ ᠵᠠᠰᠠᠬᠤ ᠤᠷᠤᠨ ᠤ ᠲᠠᠰ ᠤᠨ ᠰᠢᠯᠢᠳᠡᠭ ᠲᠠᠮᠢᠷᠴᠢᠳ ᠢ ᠤᠯᠠᠨ ᠬᠦᠮᠦᠵᠢᠬᠦᠯᠵᠦ᠂ ᠦᠵᠦᠮᠦᠴᠢᠨ ᠨᠤᠳᠤᠭ ᠤᠨ  ᠦᠪ ᠰᠣᠶᠤᠯ ᠤᠨ ᠨᠢᠭᠡ ᠪᠤᠯᠤᠭᠰᠠᠨ ᠪᠦᠬᠡ ᠶᠢᠨ ᠤᠯᠠᠮᠵᠢᠯᠠᠯ ᠢᠶᠠᠨ ᠤᠯᠤᠰ ᠲᠠᠶᠠᠭᠠᠷ᠂ ᠲᠠᠷᠡᠴᠢᠯᠠᠨ ᠲᠠᠯᠠᠬᠡᠢ ᠶᠢᠨ ᠲᠠᠶᠢᠰᠠᠨ᠎ᠠ ᠮᠠᠳᠠᠷᠡᠬᠦᠯᠵᠦ ᠶᠠᠪᠤᠨ᠎ᠠ  ᠃     2005 ᠣᠨ ᠳᠤ ᠪᠠᠷᠠᠭᠤᠨ ᠦᠵᠦᠮᠦᠴᠢᠨ ᠬᠤᠰᠢᠭᠤ ᠨᠢ ᠭᠠᠵᠠᠷ ᠣᠷᠣᠨ ᠤ ᠦᠨᠳᠦᠰᠦᠲᠡᠨ ᠤ ᠰᠣᠶᠣᠯ  ᠢᠷᠬᠡᠨᠰᠢᠯ ᠢᠶᠠᠷ ᠠᠴᠢᠶᠠᠯᠠᠪᠤᠷᠢ ᠪᠤᠯᠭᠠᠨ᠂ ᠶᠡᠭᠡ ᠳᠡᠭᠡᠳᠦ ᠰᠤᠷᠭᠠᠭᠤᠯᠢ ᠳᠤ ᠪᠥᠬᠡ ᠶᠢᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠪᠡᠶ᠎ᠡ ᠲᠠᠮᠢᠷ ᠤᠨ ᠴᠢᠳᠠᠪᠤᠷᠢᠲᠠᠨ ᠢ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ  ᠲᠠᠮᠢᠷ ᠤᠨ ᠲᠤᠰᠬᠠᠢ ᠮᠡᠷᠭᠡᠵᠢᠯ ᠤᠨ ᠠᠩᠭᠢ ᠳᠤ ᠰᠢᠯᠢᠳᠡᠭ ᠲᠠᠮᠢᠷᠴᠢᠨ ᠢ ᠬᠠᠩᠭᠠᠬᠤ ᠵᠤᠷᠢᠯᠭ᠎ᠠ ᠪᠠᠷ ᠲᠤᠰ ᠰᠤᠷᠭᠠᠭᠤᠯᠢ ᠶᠢᠨ ᠬᠦᠷᠢᠶᠡᠨ ᠤ ᠪᠥᠬᠡ ᠶᠢᠨ ᠺᠯᠦ᠋ᠪ ︽ᠠᠪᠤᠷᠭᠤ   ᠶᠢᠨ ᠥᠯᠥᠭᠡᠢ︾ ᠪᠥᠬᠡ ᠶᠢᠨ ᠦᠷᠤᠬᠡ ᠶᠢ ᠡᠬᠦᠰᠬᠡᠨ ᠪᠠᠶᠢᠭᠤᠯᠤᠭᠰᠠᠨ ᠪᠠᠶᠢᠨ᠎ᠠ᠃
          ᠤᠷᠡᠨᠵᠢᠬᠦᠷ ᠪᠣᠯ ︽ᠠᠪᠤᠷᠭᠤ ᠶᠢᠨ ᠥᠯᠥᠭᠡᠢ︾ ᠪᠥᠬᠡ ᠶᠢᠨ ᠦᠷᠤᠬᠡ ᠶᠢᠨ ᠠᠩᠬᠠᠳᠠᠭᠴᠢ ᠪᠦᠯᠦᠭ ᠰᠣᠷᠤᠭᠴᠢ ᠶᠢᠨ ᠨᠢᠬᠡ ᠪᠤᠯᠤᠨ᠎ᠠ᠃ ᠲᠡᠷᠡ 2007 ᠣᠨ ᠳᠤ ᠰᠢᠯᠢᠳᠡᠭ ᠬᠢᠷᠢ ᠪᠦᠲᠦᠮᠵᠢ ᠪᠠᠷ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ︽ᠠᠪᠤᠷᠭᠤ   ᠶᠢᠨ ᠥᠯᠥᠭᠡᠢ︾ ᠪᠥᠬᠡ ᠶᠢᠨ ᠦᠷᠣᠬᠡ ᠠᠴᠠ ᠬᠥᠬᠡᠬᠤᠲᠠ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠳᠤ ᠭᠦᠷᠬᠡᠭᠳᠠᠵᠦ᠂ 2010 ᠣᠨ ᠠᠴᠠ ᠡᠬᠢᠯᠡᠨ ᠥᠪᠥᠷ ᠮᠣᠩᠭᠤᠯ ᠤᠨ ᠪᠥᠬᠡ ᠶᠢᠨ ᠨᠢᠳᠤᠷᠭᠠᠨ ᠲᠡᠮᠡᠴᠡᠭᠡᠨ ᠤ ᠬᠠᠮᠢᠶᠠᠷᠤᠯᠲᠠ ᠶᠢᠨ ᠲᠥᠪ ᠤᠨ ᠲᠠᠮᠢᠷᠴᠢᠨ ᠪᠣᠯᠤᠭᠰᠠᠨ ᠪᠥᠭᠡᠳ 2014 ᠠᠴᠠ 2018 ᠣᠨ ᠤ ᠬᠤᠭᠤᠴᠠᠭᠠᠨ ᠳᠤ ᠳᠤᠮᠳᠠᠳᠤ ᠤᠯᠤᠰ ᠤᠨ ᠡᠮᠡᠭᠲᠡᠢ ᠶᠢᠨ ᠪᠥᠬᠡ ᠶᠢᠨ ᠤᠯᠤᠰ ᠤᠨ ᠠᠩᠭᠢ ᠳᠤ ᠠᠮᠵᠢᠯᠲᠠ ᠲᠠᠢ ᠡᠯᠰᠡᠭᠳᠡᠪᠡ᠃ 2022 ᠣᠨ ᠳᠤ᠂ ᠲᠡᠷᠡ ᠪᠥᠬᠦ ᠤᠯᠤᠰ ᠤᠨ ᠲᠠᠯᠠᠬᠡᠢ ᠶᠢᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠮᠡᠭᠲᠡᠢ ᠶᠢᠨ ᠪᠥᠬᠡ ᠶᠢᠨ 72kg ᠤᠨ ᠨᠢᠭᠡᠳᠦᠭᠡᠷ ᠨᠡᠷ᠎ᠡ᠂ 2020 ᠣᠨ ᠤ ᠪᠥᠬᠦ ᠤᠯᠤᠰ ᠤᠨ ᠲᠠᠯᠠᠬᠡᠢ ᠶᠢᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ  ᠤ ᠡᠮᠡᠭᠲᠡᠢ ᠶᠢᠨ ᠪᠦᠬᠡ ᠶᠢᠨ 76 ᠺᠢᠯᠣᠭ᠍ᠷᠠᠮ ᠤᠨ ᠭᠤᠷᠪᠠᠳᠤᠭᠠᠷ ᠨᠠᠷ᠎ᠠ ᠵᠡᠷᠭᠡ ᠣᠯᠠᠨ ᠢᠷᠠᠭᠤ ᠠᠯᠳᠠᠷ ᠢ ᠭᠦᠷᠳᠠᠵᠦ ᠶᠠᠪᠤᠵᠡᠢ᠃ ᠡᠳᠦᠭᠡ᠂ ᠲᠡᠷᠡ ︽ᠠᠪᠤᠷᠭᠤ ᠶᠢᠨ ᠥᠯᠥᠭᠡᠢ︾ ᠪᠥᠬᠡ ᠶᠢᠨ ᠦᠷᠣᠬᠡ ᠳᠡᠭᠡᠨ ᠪᠤᠴᠠᠨ ᠢᠷᠡᠵᠦ᠂ ᠥᠪᠡᠷ ᠤᠨ ᠤᠯᠠᠨ ᠵᠢᠯ ᠤᠨ ᠪᠠᠷᠢᠯᠳᠣᠭᠠᠨ ᠤ ᠲᠤᠷᠰᠢᠯᠭ᠎ᠠ ᠪᠣᠯᠣᠨ ᠤᠷ᠎ᠠ ᠮᠡᠷᠭᠡᠵᠢᠯ ᠢᠶᠠᠨ ᠵᠢᠭᠠᠵᠦ᠂ ᠤᠷᠤᠨ ᠨᠤᠳᠤᠭ ᠤᠨ ᠪᠠᠶ᠎ᠠ ᠲᠠᠮᠢᠷ ᠤᠨ ᠦᠢᠯᠠᠰ ᠲᠤ ᠦᠪᠡᠷ ᠤᠨ ᠬᠡᠰᠡᠨ ᠬᠤᠪᠢ ᠨᠠᠮᠠᠷᠢ ᠪᠠᠨ ᠦᠵᠡᠬᠦᠯᠵᠦ ᠶᠠᠪᠤᠨ᠎ᠠ᠃
   ᠪᠠᠷᠠᠭᠤᠨ ᠦᠵᠦᠮᠦᠴᠢᠨ ᠬᠤᠰᠢᠭᠤᠨ ᠤ ︽ᠠᠪᠤᠷᠭᠤ ᠵᠢᠨ‌ᠥᠯᠥᠭᠡᠢ︾ ᠪᠥᠬᠡ ᠶᠢᠨ ᠥᠷᠥᠭᠡ ᠨᠢ 2 ᠪᠠᠭ᠎ᠠ ᠰᠤᠷᠭᠠᠭᠤᠯᠢ᠂ 1 ᠳᠤᠮᠳᠠᠳᠤ ᠰᠤᠷᠭᠠᠭᠤᠯᠢ ᠪᠠ 1 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ  ᠪᠠᠶᠢᠭᠤᠯᠤᠭᠳᠠᠨ᠂ ᠪᠦᠬᠡ ᠳᠤ ᠪᠠᠭᠳᠠᠢ ᠪᠠ ᠪᠦᠬᠡ ᠳᠤ ᠠᠪᠢᠶᠠᠰ ᠲᠠᠢ ᠬᠡᠣᠬᠡᠳ ᠤᠳ ᠲᠤ ᠪᠠᠭ᠎ᠠ ᠰᠤᠷᠭᠠᠭᠤᠯᠢ ᠠᠴᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯᠡᠬᠢ ᠬᠤᠭᠤᠴᠠᠭᠠᠨ ᠳᠤ ᠲᠤᠰᠬᠠᠢ ᠮᠡᠷᠭᠡᠵᠢᠯ ᠤᠨ ᠪᠣᠯᠪᠠᠰᠤᠷᠠᠯ ᠪᠠ ᠵᠢᠯᠣᠭᠤᠳᠤᠯᠭ᠎ᠠ ᠬᠦᠷᠲᠡᠭᠡᠵᠦ᠂ ᠬᠤᠶᠢᠰᠢᠳᠠ ᠶᠢᠨ ᠪᠠᠶ᠎ᠠ ᠲᠠᠮᠢᠷ ᠤᠨ ᠲᠠᠯ᠎ᠠ ᠳᠠᠬᠢ ᠠᠮᠵᠢᠯᠳᠠ ᠪᠦᠳᠦᠮᠵᠢ   ᠳᠤ  ᠨᠢ ᠰᠠᠭᠤᠷᠢ ᠲᠠᠯᠪᠢᠵᠦ ᠪᠠᠶᠢᠳᠠᠭ᠃    ᠪᠠᠷᠠᠭᠤᠨ ᠦᠵᠦᠮᠦᠴᠢᠨ ᠬᠤᠰᠢᠭᠤᠨ ᠤ ︽ᠠᠪᠤᠷᠭᠤ ᠶᠢᠨ ᠥᠯᠥᠭᠡᠢ︾ ᠪᠥᠬᠡ ᠶᠢᠨ  ᠦᠷᠣᠬᠡ ᠪᠠᠶᠢᠭᠤᠯᠤᠭᠳᠠᠭᠰᠠᠨ 20 ᠵᠢᠯ ᠤᠨ ᠲᠤᠷᠰᠢ᠂ ᠮᠠᠰᠢ ᠣᠯᠠᠨ ᠰᠢᠯᠢᠳᠡᠭ ᠰᠣᠷᠣᠭᠴᠢ ᠶᠢ ᠬᠥᠮᠥᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠪᠡᠶ᠎ᠡ ᠲᠠᠮᠢᠷ ᠤᠨ ᠨᠦᠬᠡᠴᠠ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠪᠤᠯᠵᠦ᠂ ᠣᠲᠣ ᠪᠣᠯᠲᠠᠯ᠎ᠠ᠂ ᠶᠡᠭᠡ ᠳᠡᠭᠡᠳᠦ ᠰᠤᠷᠭᠠᠭᠤᠯᠢ ᠳᠤ 34 ᠵᠢᠩᠬᠢᠨᠢ ᠠᠩᠭᠢ ᠶᠢᠨ ᠰᠤᠷᠤᠭᠴᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠮᠢᠷ ᠤᠨ ᠲᠤᠰᠬᠠᠢ ᠮᠡᠷᠭᠡᠵᠢᠯ ᠤᠨ ᠠᠩᠭᠢ ᠳᠤ 19 ᠲᠠᠮᠢᠷᠴᠢᠨ ᠢ ᠬᠦᠷᠭᠡᠵᠦ᠂ 18 ᠤᠯᠤᠰ ᠤᠨ ᠲᠠᠰ ᠤᠨ ᠰᠢᠯᠢᠳᠡᠭ ᠲᠠᠮᠢᠷᠴᠢᠨ᠂ 33 ᠤᠯᠤᠰ ᠤᠨ ᠨᠢᠭᠡᠳᠦᠭᠡᠷ ᠳᠡᠰ ᠤᠨ ᠲᠠᠮᠢᠷᠴᠢᠨ᠂ 52 ᠤᠯᠤᠰ ᠤᠨ ᠬᠤᠶᠠᠳᠤᠭᠠᠷ ᠳᠡᠰ ᠤᠨ ᠲᠠᠮᠢᠷᠴᠢᠨ ᠢ ᠬᠦᠮᠦᠵᠢᠭᠦᠯᠦᠭᠰᠡᠨ ᠪᠦᠬᠡᠳ ︽ᠠᠪᠤᠷᠭᠤ ᠶᠢᠨ ᠥᠯᠥᠭᠡᠢ︾ ᠪᠥᠬᠡ ᠶᠢᠨ ᠦᠷᠤᠬᠡ ᠶᠢᠨ ᠲᠠᠮᠢᠷᠴᠢᠳ ᠨᠢ ᠳᠤᠮᠳᠠᠳᠤ ᠮᠠᠶ᠋ᠢᠭ ᠤᠨ ᠪᠥᠬᠡ᠂ ᠲᠠᠯᠠᠬᠡᠢ ᠶᠢᠨ ᠪᠥᠬᠡ ᠶᠢᠨ ᠲᠠᠶᠢᠰᠠᠨ ᠳᠡᠭᠡᠷ᠎ᠡ ᠤᠯᠤᠰ ᠤᠨ ᠲᠠᠰ ᠤᠨ ᠠᠯᠲᠠᠨ ᠮᠧᠳᠠᠯ 13᠂ 19 ᠮᠥᠩᠭᠦᠨ ᠮᠧᠳᠠᠯ  ᠤᠨ ᠬᠢᠯᠠᠯᠵᠠᠭᠰᠠᠨ ᠠᠮᠵᠢᠯᠳᠠ   ᠶᠢ ᠭᠠᠷᠭᠠᠭᠰᠠᠨ  ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号