ᠰᠦ ᠤᠤᠭᠤᠬᠤ ᠶᠢᠨ ᠭᠤᠷᠪᠠᠨ ᠠᠳᠡᠭᠦᠷᠡᠯ ᠲᠠᠨ ᠳᠤ ᠣᠷᠣᠰᠢᠵᠤ ᠪᠠᠶᠢᠨ᠎ᠠ ᠦᠦ︖
ᠨᠡᠶᠢᠲᠡᠯᠡᠭᠰᠡᠨ ᠴᠠᠭ᠄
2024/6/19
      ᠰᠦ ᠶᠢᠨ ᠲᠥᠷᠥᠯ ᠪᠣᠯ ᠨᠢᠭᠡ ᠵᠦᠢᠯ ᠤᠨ ᠰᠢᠮ᠎ᠡ ᠲᠡᠵᠢᠭᠡᠯ ᠤᠨ ᠪᠦᠷᠢᠯᠳᠦᠭᠦᠨ ᠢᠶᠠᠷ ᠪᠦᠷᠢᠨ ᠭᠦᠢᠴᠡᠳ᠂ ᠪᠦᠷᠢᠯᠳᠦᠭᠦᠨ ᠤ ᠬᠠᠷᠢᠴᠠᠯ ᠨᠢ ᠲᠣᠬᠢᠷᠠᠮᠵᠢᠲᠠᠢ᠂ ᠰᠢᠩᠭᠡᠭᠡᠬᠦ ᠳᠤ ᠬᠢᠯᠪᠠᠷ᠂ ᠰᠢᠮ᠎ᠡ ᠲᠡᠵᠢᠭᠡᠯ ᠤᠨ ᠥᠷᠲᠡᠭ ᠢᠶᠠᠷ ᠥᠨᠳᠥᠷ ᠪᠠᠶᠢᠭᠠᠯᠢ ᠶᠢᠨ ᠢᠳᠡᠭᠡᠨ ᠪᠣᠯᠣᠨ᠎ᠠ᠂ ᠡᠭᠦᠨ ᠳᠤ ᠰᠢᠯᠢᠳᠡᠭ ᠤᠭᠤᠷᠠᠭ᠂ ᠺᠠᠯᠼ᠂ ᠮᠠᠭᠨᠢ᠂ ᠺᠠᠯᠢ᠂ ᠴᠠᠶᠢᠷ᠂ ᠰᠧᠯᠧᠨ ᠵᠢᠴᠢ ᠸᠢᠲ᠋ᠠᠮᠢᠨ B 2 ᠵᠡᠷᠭᠡ ᠰᠢᠮ᠎ᠡ ᠲᠡᠵᠢᠭᠡᠯ ᠤᠨ ᠡᠳ᠋ ᠡᠯᠪᠡᠭ ᠠᠭᠤᠯᠤᠭᠳᠠᠵᠤ ᠪᠠᠶᠢᠳᠠᠭ᠃ ᠰᠦ ᠶᠢᠨ ᠲᠥᠷᠥᠯ ᠤᠨ ᠤᠭᠤᠷᠠᠭ ᠲᠤ ᠠᠭᠤᠯᠤᠭᠳᠠᠬᠤ ᠵᠠᠪᠠᠯ ᠬᠡᠷᠡᠭᠰᠡᠬᠦ ᠰᠢᠪᠲᠦᠷᠲᠦ ᠬᠦᠴᠢᠯ ᠤᠨ ᠬᠠᠷᠢᠴᠠᠯ ᠨᠢ ᠬᠥᠮᠥᠨ ᠤ ᠪᠡᠶ᠎ᠡ ᠶᠢᠨ ᠬᠡᠷᠡᠭᠴᠡᠭᠡ ᠳᠤ ᠨᠡᠶᠢᠴᠡᠬᠦ ᠪᠥᠭᠡᠳ ᠲᠡᠭᠦᠨ ᠤ ᠳᠣᠲᠣᠷᠠᠬᠢ ᠹᠣᠰᠹᠣᠷ ᠬᠦᠴᠢᠯ ᠤᠨ ᠺᠠᠯᠼ ᠨᠢ ᠰᠢᠩᠭᠡᠭᠡᠬᠦ ᠳᠤ ᠠᠮᠠᠷᠬᠠᠨ ᠨᠢᠭᠡᠨ ᠢᠳᠡᠭᠡᠨ ᠤ ᠺᠠᠯᠼ ᠤᠨ ᠰᠠᠶᠢᠨ ᠢᠷᠡᠯᠲᠡ ᠪᠣᠯᠣᠨ᠎ᠠ᠃ ᠡᠭᠦᠨ ᠠᠴᠠ ᠭᠠᠳᠠᠨ᠎ᠠ᠂ ᠰᠦᠨ ᠤ ᠳᠣᠲᠣᠷᠠᠬᠢ ᠰᠦᠨ ᠲᠡᠮᠦᠷ ᠤᠨ ᠤᠭᠤᠷᠠᠭ᠂ ᠡᠭᠡᠯᠢᠯᠡᠭᠡ ᠶᠢᠨ ᠪᠥᠮᠪᠥᠭᠡᠨ ᠤᠭᠤᠷᠠᠭ ᠵᠡᠷᠭᠡ ᠢᠳᠡᠪᠬᠢ ᠪᠣᠳᠠᠰ  ᠨᠢ ᠭᠡᠳᠡᠰᠦᠨ ᠤ ᠡᠷᠡᠭᠦᠯ ᠮᠡᠨᠳᠦ ᠶᠢ ᠰᠠᠶᠢᠵᠢᠷᠠᠭᠤᠯᠵᠤ᠂ ᠪᠡᠶ᠎ᠡ ᠮᠠᠬᠠᠪᠤᠳ ᠤᠨ ᠡᠭᠡᠯᠢᠯᠡᠭᠡ ᠶᠢᠨ ᠴᠢᠳᠠᠯ ᠢ ᠨᠡᠮᠡᠭᠳᠡᠭᠦᠯᠬᠦ ᠵᠡᠷᠭᠡ ᠦᠢᠯᠡᠳᠦᠯ ᠲᠠᠢ ᠶᠤᠮ᠃              ᠡᠳᠦᠷ ᠪᠦᠷᠢ 300 ᠭᠷᠡᠮ ᠰᠦ ᠤᠤᠭᠤᠬᠤ ᠪᠤᠶᠤ ᠵᠣᠬᠢᠬᠤ ᠬᠡᠮᠵᠢᠶᠡᠨ ᠤ ᠴᠠᠭᠠᠨ ᠢᠳᠡᠭᠡ ᠢᠳᠡᠭᠡᠷᠡᠢ ᠭᠡᠵᠦ ᠰᠠᠨᠠᠭᠤᠯᠤᠶ᠎ᠠ᠃ ᠴᠢᠰᠤᠨ ᠤ ᠥᠭᠡᠬᠦ ᠥᠨᠳᠥᠷ ᠪᠠ ᠬᠡᠲᠦ ᠮᠠᠷᠢᠶ᠎ᠠ ᠲᠠᠢ ᠬᠥᠮᠥᠰ ᠲᠣᠰᠣ ᠪᠠᠭᠠᠲᠠᠢ ᠰᠦ᠂ ᠲᠣᠰᠣ ᠶᠢ ᠠᠪᠤᠭᠰᠠᠨ ᠰᠦ ᠵᠢᠴᠢ ᠪᠦᠲᠦᠭᠡᠭᠳᠡᠬᠦᠨ ᠢ ᠨᠢ ᠰᠣᠩᠭᠤᠪᠠᠯ ᠵᠣᠬᠢᠨ᠎ᠠ᠃ ᠰᠦᠨ ᠰᠢᠬᠢᠷ ᠢ ᠳᠠᠭᠠᠭᠠᠬᠤ ᠦᠭᠡᠢ ᠬᠥᠮᠥᠰ ᠡᠭᠡᠳᠡᠭᠰᠡᠨ ᠰᠦ᠂ ᠪᠢᠰᠢᠯᠠᠭ ᠪᠤᠶᠤ ᠪᠤᠰᠤᠳ ᠰᠦᠨ ᠰᠢᠬᠢᠷ ᠪᠠᠭᠠᠲᠠᠢ ᠪᠦᠲᠦᠭᠡᠭᠳᠡᠬᠦᠨ ᠢ ᠰᠣᠩᠭᠤᠵᠤ ᠪᠤᠯᠬᠤ ᠪᠥᠭᠡᠳ ᠪᠠᠰᠠ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠲᠤᠷᠰᠢᠵᠤ ᠪᠣᠯᠣᠨ᠎ᠠ᠂ ᠥᠯᠥᠨ ᠢᠶᠠᠷ ᠰᠦ ᠤᠤᠭᠤᠬᠤ ᠪᠣᠯ ᠰᠠᠶᠢᠨ᠃    
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号