ᠪᠠᠷᠠᠭᠤᠨ ᠦᠵᠦᠮᠦᠴᠢᠨ ᠬᠤᠰᠢᠭᠤ ᠭᠡᠭᠡᠯᠳᠦᠭᠦᠯᠭᠡ ᠶᠢᠨ ᠠᠵᠢᠯ ᠢ ᠴᠢᠩᠭᠠᠳᠬᠠᠨ ᠦᠬᠡᠷ ᠤᠨ ᠡᠭᠦᠯᠳᠡᠷ ᠢ ᠬᠠᠮᠠᠭᠠᠯᠠᠨ ᠰᠠᠶᠢᠵᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/6/20
                                                            ᠪᠠᠷᠠᠭᠤᠨ ᠦᠵᠦᠮᠦᠴᠢᠨ ᠬᠤᠰᠢᠭᠤ ᠦᠬᠡᠷ ᠤᠨ ᠡᠭᠦᠯᠳᠡᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠤᠨ ᠰᠢᠯᠢᠳᠡᠭ ᠡᠭᠦᠯᠳᠡᠷ ᠤᠨ ᠦᠬᠡᠷ ᠦᠰᠬᠡᠨ ᠪᠣᠶᠢᠵᠢᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠢᠴᠡᠭᠡᠯ ᠦᠷ᠎ᠡ ᠶᠢᠨ ᠭᠡᠭᠡᠯᠳᠦᠭᠦᠯᠭᠡ ᠶᠢᠨ ᠦᠢᠯᠡᠴᠢᠯᠡᠭᠡᠨ ᠤ ᠠᠵᠢᠯ ᠢ ᠰᠠᠶᠢᠳᠤᠷ ᠬᠢᠵᠦ᠂ ᠡᠭᠦᠯᠳᠡᠷ ᠤᠨ ᠦᠬᠡᠷ ᠢ ᠬᠠᠮᠠᠭᠠᠯᠠᠨ ᠦᠰᠬᠡᠬᠦ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠤ ᠶᠢᠨ ᠭᠤᠣᠯ ᠪᠠᠯᠭᠠᠰᠤᠨ ᠤ ᠰᠢᠨᠡᠪᠤᠯᠠᠭ ᠭᠠᠴᠠᠭᠠᠨ ᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠨᠢ ᠡᠨᠡ ᠵᠢᠯ ᠤᠨ 3 ᠰᠠᠷ᠎ᠠ ᠳᠤ ᠪᠠᠶᠢᠭᠤᠯᠤᠠᠠᠳᠠᠵᠦ᠂ ᠤᠳᠤ 6 ᠮᠡᠷᠭᠡᠵᠢᠯᠲᠡᠨ ᠲᠠᠢ᠂ ᠲᠤᠰ ᠭᠠᠴᠠᠭᠠᠨ ᠤ 27 ᠦᠬᠡᠷ ᠲᠡᠵᠢᠭᠡᠵᠦ ᠪᠠᠶᠢᠭ᠎ᠠ ᠲᠤᠰᠬᠠᠢ ᠡᠷᠦᠬᠡ ᠶᠢᠨ 800 ᠭᠠᠷᠤᠢ ᠡᠬᠡ ᠮᠠᠯ ᠳᠤ ᠢᠴᠡᠭᠡᠯ ᠦᠷ᠎ᠡ ᠶᠢᠨ ᠭᠡᠭᠡᠯᠳᠦᠭᠦᠯᠭᠡ ᠪᠤᠶᠤ ᠬᠠᠮᠢᠶ᠎ᠠ ᠪᠦᠬᠦᠢ ᠮᠡᠷᠭᠡᠵᠢᠯ ᠤᠨ ᠦᠢᠯᠡᠴᠢᠯᠡᠭᠡ ᠬᠠᠩᠭᠠᠵᠤ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤ ᠤᠶᠢᠷ᠎ᠠ ᠶᠢᠨ ᠵᠢᠯ ᠳᠤ ᠰᠢᠯᠢ ᠶᠢᠨ ᠭᠤᠣᠯ ᠠᠶᠢᠮᠠᠭ ᠤᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠦᠬᠡᠷ ᠲᠡᠵᠢᠭᠡᠬᠦ ᠭᠤᠤᠯᠳᠠᠯᠭᠠᠳᠤ ᠰᠦᠷᠦᠭ ᠤᠨ ᠪᠠᠶᠢᠭᠤᠯᠤᠯᠲᠠ᠂ ᠢᠴᠡᠭᠡᠯ ᠦᠷ᠎ᠡ ᠶᠢᠨ ᠭᠡᠭᠡᠯᠳᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠠᠵᠢᠯ ᠢ ᠰᠠᠶᠢᠳᠤᠷ ᠬᠢᠵᠦ᠂ ᠮᠢᠬᠠᠨ ᠤ ᠦᠬᠡᠷ ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠵᠤ ᠪᠠᠶᠢᠨ᠎ᠠ᠃ ᠢᠴᠡᠭᠡᠯ ᠦᠷ᠎ᠡ ᠶᠢᠨ ᠭᠡᠭᠡᠯᠳᠦᠭᠦᠯᠭᠡ ᠶᠢᠨ ᠠᠵᠢᠯ ᠤᠨ ᠦᠢᠯᠡᠴᠢᠯᠡᠭᠡᠨ ᠤ ᠡᠷᠴᠢᠮ ᠢᠶᠠᠨ ᠴᠢᠩᠭᠠᠳᠬᠠᠨ᠂ 6 ᠰᠤᠮᠤ ᠪᠠᠯᠭᠠᠰᠤᠨ ᠳᠤ ᠢᠴᠡᠭᠡᠯ ᠦᠷ᠎ᠡ ᠶᠢᠨ ᠭᠡᠭᠡᠯᠳᠦᠭᠦᠯᠭᠡ ᠶᠢᠨ ᠦᠢᠯᠡᠴᠢᠯᠡᠭᠡᠨ ᠤ ᠥᠷᠲᠡᠭᠡ ᠪᠠ ᠭᠠᠴᠠᠭ᠎ᠠ ᠪᠠᠷ ᠨᠢᠭᠡᠴᠢ ᠪᠤᠯᠭᠠᠭᠰᠠᠨ ᠢᠴᠡᠭᠡᠯ ᠦᠷ᠎ᠡ ᠶᠢᠨ ᠭᠡᠭᠡᠯᠳᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠢᠴᠡᠭᠡᠯ ᠦᠷ᠎ᠡ ᠶᠢᠨ ᠰᠢᠩᠭᠡᠨ᠂ ᠰᠢᠩᠭᠡᠨ ᠠᠽᠣᠲ ᠪᠤᠯᠤᠨ ᠭᠡᠭᠡᠯᠳᠦᠭᠦᠯᠭᠡ ᠶᠢᠨ ᠪᠠᠭᠠᠵᠢ ᠬᠡᠷᠡᠭᠰᠡᠯ ᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ᠂ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠵᠡᠷᠭᠡ ᠠᠵᠢᠯ ᠢ ᠰᠠᠶᠢᠳᠤᠷ ᠬᠢᠵᠦ ᠰᠢᠯᠢᠳᠡᠭ ᠡᠭᠦᠯᠳᠡᠷ ᠤᠨ ᠦᠬᠡᠷ ᠢ ᠦᠰᠬᠡᠨ ᠪᠣᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠪᠡ᠃     ᠪᠠᠷᠠᠭᠤᠨ ᠦᠵᠦᠮᠦᠴᠢᠨ ᠬᠤᠰᠢᠭᠤ ᠨᠢ ᠪᠠᠰᠠ ᠭᠡᠷ ᠪᠦᠯᠢ ᠶᠢᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠳᠦᠭᠦᠯᠭᠡ ᠶᠢᠨ ᠴᠡᠭ ᠢ ᠢᠳᠡᠪᠬᠢᠳᠡᠢ ᠵᠢᠯᠤᠭᠤᠳᠤᠨ ᠪᠤᠶᠢᠵᠢᠭᠤᠯᠵᠤ᠂ 105 ᠨᠡᠷ᠎ᠡ ᠭᠡᠭᠡᠯᠳᠦᠭᠦᠯᠭᠡ ᠶᠢᠨ ᠮᠡᠷᠭᠡᠵᠢᠯᠳᠡᠨ ᠢ ᠬᠦᠮᠦᠵᠢᠬᠦᠯᠦᠨ ᠭᠠᠷᠭᠠᠵᠦ᠂ ᠡᠨᠡ ᠵᠢᠯ ᠪᠦᠬᠦ ᠬᠤᠰᠢᠭᠤ ᠪᠠᠷ ᠢᠶᠠᠨ 7066 ᠦᠨᠢᠶᠠᠨ ᠳᠤ ᠢᠴᠡᠭᠡᠯ ᠦᠷ᠎ᠡ ᠶᠢᠨ ᠬᠡᠭᠡᠯᠳᠦᠬᠦᠯᠭᠡ ᠬᠢᠭᠡᠳ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号