︽ᠪᠠᠷᠠᠭᠤᠨ ᠦᠵᠦᠮᠦᠴᠢᠨ ᠬᠤᠰᠢᠭᠤᠨ ᠤ ᠣᠨ ᠤ ᠦᠢᠯᠡᠪᠦᠷᠢ ︵2023︶︾ ᠨᠢ ᠠᠩᠬᠠᠨ ᠤ ᠪᠦᠯᠦᠭ ᠤᠨ ︽ᠥᠪᠥᠷ ᠮᠣᠩᠭᠤᠯ ᠤᠨ ᠣᠨ ᠤ ᠦᠢᠯᠡᠪᠦᠷᠢ ᠶᠢᠨ ᠰᠣᠳᠣᠨ ᠪᠦᠲᠦᠭᠡᠯ︾ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/6/21
    ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠣᠨ ᠤ ᠦᠢᠯᠡᠪᠦᠷᠢ ᠶᠢᠨ ᠰᠣᠳᠣᠨ ᠪᠦᠲᠦᠭᠡᠯ ᠤᠨ ᠢᠨᠵᠧᠨᠧᠷᠢᠩ ᠤᠨ ᠰᠢᠯᠭᠠᠷᠠᠭᠤᠯᠤᠯᠲᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠢᠯᠭᠠᠷᠠᠭᠤᠯᠤᠯᠲᠠ ᠪᠠᠷ᠂ ᠪᠦᠬᠦ ᠣᠷᠣᠨ ᠤ ᠬᠡᠪᠴᠢᠶᠡᠨ ᠠᠴᠠ 4 ᠣᠨ ᠤ ᠦᠢᠯᠡᠪᠦᠷᠢ ᠶᠢ ᠠᠩᠬᠠᠨ ᠤ ᠪᠦᠯᠦᠭ ︽ᠥᠪᠥᠷ ᠮᠣᠩᠭᠤᠯ ᠤᠨ ᠣᠨ ᠤ ᠦᠢᠯᠡᠪᠦᠷᠢ ᠶᠢᠨ ᠰᠣᠳᠣᠨ ᠪᠦᠲᠦᠭᠡᠯ ︾ ᠢᠶᠠᠷ ᠰᠣᠩᠭᠤᠨ ᠭᠠᠷᠭᠠᠭᠰᠠᠨ ᠳᠤ ︽ᠪᠠᠷᠠᠭᠤᠨ ᠦᠵᠦᠮᠦᠴᠢᠨ ᠤ ᠣᠨ ᠤ ᠦᠢᠯᠡᠪᠦᠷᠢ ︵2023︶︾ ᠨᠢ ᠠᠮᠵᠢᠯᠲᠠ ᠲᠠᠢ ᠰᠣᠩᠭᠤᠭᠳᠠᠭᠰᠠᠨ ᠪᠠᠶᠢᠨ᠎ᠠ᠃    2023 ᠣᠨ ᠳᠤ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠤᠯᠠᠮ ᠨᠢᠭᠡ ᠠᠯᠬᠤᠮ ᠵᠣᠬᠢᠴᠠᠭᠤᠯᠤᠨ᠂ ᠣᠨ ᠤ ᠦᠢᠯᠡᠪᠦᠷᠢ ᠶᠢᠨ ᠶᠠᠰᠤ ᠴᠢᠨᠠᠷ ᠤᠨ ᠪᠠᠶᠢᠭᠤᠯᠤᠯᠲᠠ  ᠶᠢ ᠠᠬᠢᠭᠤᠯᠵᠤ᠂ ᠪᠦᠬᠦ ᠣᠷᠣᠨ ᠤ ᠣᠨ ᠤ ᠦᠢᠯᠡᠪᠦᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠬᠤ ᠲᠠᠰᠤᠭ ᠠᠴᠠ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠨ ᠤ ᠦᠢᠯᠡᠪᠦᠷᠢ ᠶᠢᠨ ᠰᠣᠳᠣᠨ ᠪᠦᠲᠦᠭᠡᠯ ᠤᠨ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠤᠨ ᠣᠨ ᠤ ᠦᠢᠯᠡᠪᠦᠷᠢ  ᠶᠢᠨ ᠰᠣᠳᠣᠨ ᠪᠦᠲᠦᠭᠡᠯ ᠢ ᠴᠣᠯᠭᠤᠷᠠᠭᠤᠯᠤᠭᠰᠠᠨ ᠪᠠᠶᠢᠨ᠎ᠠ᠃     ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠪᠠᠷᠠᠭᠤᠨ ᠦᠵᠦᠮᠦᠴᠢᠨ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠨᠢ ︽ᠨᠠᠮ ᠤᠨ ᠲᠥᠯᠥᠭᠡ ᠦᠭᠡ ᠬᠡᠯᠡᠵᠦ᠂ ᠤᠯᠤᠰ ᠤᠨ ᠲᠥᠯᠥᠭᠡ ᠲᠡᠦᠬᠡ ᠪᠠᠨ ᠬᠠᠳᠠᠭᠠᠯᠠᠵᠤ᠂ ᠠᠷᠠᠳ ᠤᠨ ᠲᠥᠯᠥᠭᠡ ᠣᠶᠢᠯᠠᠯᠭ᠎ᠠ ᠪᠢᠴᠢᠬᠦ︾ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨ ᠤ ᠦᠢᠯᠡᠪᠦᠷᠢ ᠶᠢᠨ ᠰᠣᠳᠣᠨ ᠪᠦᠲᠦᠭᠡᠯ ᠤᠨ ᠢᠨᠵᠧᠨᠧᠷᠢᠩ ᠢ ᠢᠳᠡᠪᠬᠢᠲᠡᠢ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨ ᠤ ᠦᠢᠯᠡᠪᠦᠷᠢ ᠶᠢᠨ ᠰᠣᠳᠣᠨ ᠪᠦᠲᠦᠭᠡᠯ︾ ᠢ ᠪᠢᠴᠢᠭᠯᠡᠬᠦ ᠪᠠᠷ ᠴᠢᠷᠮᠠᠶᠢᠨ ᠠᠵᠢᠯᠯᠠᠵᠤ᠂ ᠡᠳᠦᠭᠡ ᠳᠤᠭᠤᠷᠪᠢᠭᠰᠠᠨ ᠪᠦᠲᠦᠭᠡᠯ ᠨᠢ ᠰᠢᠯᠭᠠᠷᠠᠭᠤᠯᠤᠯᠲᠠ ᠪᠠᠷ ᠳᠠᠮᠵᠢᠨ ᠠᠮᠵᠢᠯᠲᠠ ᠲᠠᠢ ᠰᠣᠩᠭᠤᠭᠳᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ︽ᠪᠠᠷᠠᠭᠤᠨ ᠦᠵᠦᠮᠦᠴᠢᠨ ᠤ ᠣᠨ ᠤ ᠦᠢᠯᠡᠪᠦᠷᠢ︾ ᠶᠢ 2010 ᠣᠨ ᠠᠴᠠ ᠡᠬᠢᠯᠡᠨ ᠬᠡᠪᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠲᠠᠩᠰᠠ ᠡᠪᠬᠡᠮᠡᠯ  ᠲᠡᠦᠬᠡ ᠣᠶᠢᠯᠠᠯᠭ᠎ᠠ ᠶᠢᠨ ᠣᠷᠳᠣᠨ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠬᠡᠪᠯᠡᠭᠦᠯᠵᠦ᠂ ᠨᠢᠭᠡᠨᠲᠡ 10 ᠪᠣᠳᠢ ᠬᠡᠪᠯᠡᠭᠦᠯᠵᠡᠢ᠃︽ᠪᠠᠷᠠᠭᠤᠨ ᠦᠵᠦᠮᠦᠴᠢᠨ ᠤ ᠣᠨ ᠤ ᠦᠢᠯᠡᠪᠦᠷᠢ ︵2023︶︾ ᠨᠢ ᠪᠠᠷᠠᠭᠤᠨ ᠦᠵᠦᠮᠦᠴᠢᠨ ᠬᠤᠰᠢᠭᠤᠨ ᠤ 11 ᠳ᠋ᠦ᠋ᠭᠡᠷ ᠪᠣᠳᠢ ᠣᠨ ᠤ ᠦᠢᠯᠡᠪᠦᠷᠢ ᠪᠣᠯᠣᠨ᠎ᠠ᠃ ᠥᠩᠭᠡᠷᠡᠭᠰᠡᠨ ᠤ ᠣᠨ ᠤ ᠦᠢᠯᠡᠪᠦᠷᠢ ᠶᠢ ᠨᠠᠶᠢᠷᠠᠭᠤᠯᠤᠭᠰᠠᠨ ᠰᠠᠭᠤᠷᠢᠨ ᠳᠡᠭᠡᠷ᠎ᠡ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠲᠥᠯᠦᠪᠵᠢᠭᠦᠯᠭᠡ ᠪᠠ ᠥᠪᠡᠷᠮᠢᠴᠡ ᠣᠨᠴᠠᠯᠢᠭ ᠪᠦᠬᠦᠢ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨ ᠤ ᠠᠵᠢᠯ ᠤᠨ ᠲᠣᠮᠣ ᠬᠡᠷᠡᠭ ᠶᠠᠪᠤᠳᠠᠯ᠂ ᠴᠢᠬᠤᠯᠠ ᠶᠠᠪᠤᠳᠠᠯ᠂ ᠰᠢᠨ᠎ᠡ ᠶᠠᠪᠤᠳᠠᠯ᠂ ᠣᠨᠴᠠᠭᠠᠶ ᠶᠠᠪᠤᠳᠠᠯ ᠢᠶᠠᠷ ᠭᠠᠷᠳᠠᠴᠠ ᠪᠣᠯᠭᠠᠵᠤ᠂ ᠭᠠᠷᠴᠠᠭ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠭᠠᠷᠴᠠᠭ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠨᠡᠶᠢᠲᠡ 30 ᠲᠥᠷᠥᠯ ᠬᠤᠪᠢᠶᠠᠨ᠂ 187 ᠬᠤᠪᠢᠶᠠᠷᠢ ᠭᠠᠷᠴᠠᠭ ᠲᠣᠬᠢᠷᠠᠭᠤᠯᠵᠤ᠂ 969 ᠵᠤᠷᠪᠤᠰ ᠭᠠᠷᠴᠠᠭ ᠢ ᠪᠠᠶᠢᠷᠢᠯᠠᠭᠤᠯᠵᠤ᠂ 240 ᠭᠠᠷᠤᠢ ᠵᠢᠷᠤᠭ ᠢ ᠡᠯᠰᠡᠨ ᠠᠪᠴᠤ᠂ ᠪᠥᠬᠦ ᠨᠣᠮ ᠨᠢ ᠨᠡᠶᠢᠲᠡ 80 ᠲᠦᠮᠡᠨ ᠥᠰᠥᠭ ᠲᠠᠢ᠃    ︽ᠪᠠᠷᠠᠭᠤᠨ ᠦᠵᠦᠮᠦᠴᠢᠨ ᠤ ᠣᠨ ᠤ ᠦᠢᠯᠡᠪᠦᠷᠢ ︵2023︶︾ ᠨᠢ ᠢᠯᠡ ᠲᠣᠳᠣ ᠭᠤᠣᠯ ᠰᠡᠳᠦᠪᠲᠦ ᠵᠢᠷᠤᠭ ᠲᠥᠯᠥᠪᠯᠡᠭᠡ᠂ ᠨᠠᠷᠢᠯᠢᠭ ᠰᠠᠶᠢᠬᠠᠨ ᠬᠡᠷᠡᠯ ᠵᠢᠷᠤᠭ ᠢ ᠬᠢᠨᠠᠨ ᠰᠣᠩᠭᠤᠵᠤ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠦᠪᠯᠡᠷᠡᠭᠦᠯᠦᠨ᠂ ᠪᠠᠷᠠᠭᠤᠨ ᠦᠵᠦᠮᠦᠴᠢᠨ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠢᠴᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ ᠪᠠᠶᠢᠭ᠎ᠠ ᠶᠠᠪᠤᠴᠠ ᠳᠤ ᠣᠯᠣᠭᠰᠠᠨ ᠠᠮᠵᠢᠯᠲᠠ ᠪᠦᠲᠦᠮᠵᠢ ᠪᠠ ᠭᠤᠶᠢᠳᠠ ᠰᠠᠶᠢᠬᠠᠨ ᠴᠠᠭ ᠮᠥᠴᠡ ᠶᠢ ᠲᠡᠮᠳᠡᠭᠯᠡᠨ ᠲᠣᠭᠠᠴᠢᠭᠰᠠᠨ ᠪᠠᠶᠢᠨ᠎ᠠ᠃ 2022 ᠣᠨ ᠤ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ᠂ ᠪᠠᠶᠢᠭᠠᠯᠢ᠂ ᠠᠮᠢ ᠠᠬᠤᠢ ᠵᠡᠷᠭᠡ ᠡᠯ᠎ᠡ ᠲᠠᠯ᠎ᠠ   ᠶᠢᠨ ᠬᠥᠭᠵᠢᠯᠲᠡ   ᠶᠢᠨ ᠪᠠᠶᠢᠳᠠᠯ ᠪᠣᠯᠣᠨ ᠡᠯ᠎ᠡ ᠬᠦᠷᠢᠶ᠎ᠡ ᠴᠠᠷᠠᠭ᠎ᠠ ᠳᠤ ᠣᠯᠣᠭᠰᠠᠨ ᠰᠢᠨ᠎ᠡ ᠠᠬᠢᠴᠠ᠂ ᠰᠢᠨ᠎ᠡ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠰᠢᠰᠲ᠋ᠧᠮ ᠲᠠᠢ ᠮᠥᠷᠲᠡᠭᠡᠨ ᠪᠤᠰᠤᠳᠴᠢ ᠪᠠᠷ ᠲᠤᠰᠬᠠᠪᠠ᠃ ᠡᠨᠡ ᠨᠢ ᠡᠯ᠎ᠡ ᠱᠠᠲᠤᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦ ᠪᠠᠷᠢᠮᠲᠠ ᠬᠠᠩᠭᠠᠵᠤ᠂ ᠨᠡᠶᠢᠭᠡᠮ ᠤᠨ ᠡᠯ᠎ᠡ ᠠᠵᠢᠯ ᠲᠥᠷᠥᠯ ᠤᠨ ᠲᠥᠯᠦᠪᠵᠢᠭᠦᠯᠭᠡ ᠶᠢᠨ ᠬᠥᠭᠵᠢᠯᠲᠡ ᠳᠤ ᠯᠠᠪᠯᠠᠯᠲᠠ ᠬᠠᠩᠭᠠᠵᠤ᠂ ᠡᠯ᠎ᠡ ᠡᠲᠡᠭᠡᠳ ᠤᠨ ᠬᠥᠮᠥᠰ ᠤᠨ ᠪᠠᠷᠠᠭᠤᠨ ᠦᠵᠦᠮᠦᠴᠢᠨ ᠤ ᠪᠠᠶᠢᠳᠠᠯ ᠢ ᠣᠶᠢᠯᠠᠭᠠᠬᠤ ᠳᠤ ᠮᠡᠳᠡᠭᠡ ᠵᠠᠩᠭᠢ ᠬᠠᠩᠭᠠᠵᠤ᠂ ᠪᠠᠰᠠ ᠬᠤᠶᠢᠰᠢᠳᠠ ᠶᠢᠨ ᠲᠡᠦᠬᠡ ᠣᠶᠢᠯᠠᠯᠭ᠎ᠠ ᠨᠠᠶᠢᠷᠠᠭᠤᠯᠬᠤ᠂ ᠭᠠᠵᠠᠷ ᠣᠷᠣᠨ ᠤ ᠪᠠᠶᠢᠳᠠᠯ ᠢ ᠰᠤᠳᠤᠯᠬᠤ ᠳᠤ ᠯᠠᠪᠯᠠᠯᠲᠠ ᠪᠣᠯᠭᠠᠵᠤ ᠪᠣᠯᠬᠤ ᠮᠠᠲ᠋ᠧᠷᠢᠶᠠᠯ ᠬᠠᠩᠭᠠᠬᠤ ᠪᠣᠯᠣᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠤ ᠳᠡᠳ᠋ ᠳᠠᠷᠤᠭ᠎ᠠ ᠯᠢ ᠴᠦᠨ ᠶᠢᠩ  ᠄  ︽ᠪᠠᠷᠠᠭᠤᠨ ᠦᠵᠦᠮᠦᠴᠢᠨ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ  ᠶᠢᠨ ᠣᠷᠳᠣᠨ ᠨᠢ ︽ᠨᠠᠮ ᠤᠨ ᠲᠥᠯᠥᠭᠡ ᠦᠭᠡ ᠬᠡᠯᠡᠵᠦ᠂ ᠤᠯᠤᠰ ᠤᠨ ᠲᠥᠯᠥᠭᠡ ᠲᠡᠦᠬᠡ ᠪᠠᠨ ᠬᠠᠳᠠᠭᠠᠯᠠᠵᠤ᠂ ᠠᠷᠠᠳ ᠤᠨ ᠲᠥᠯᠥᠭᠡ ᠣᠶᠢᠯᠠᠯᠭ᠎ᠠ ᠪᠢᠴᠢᠬᠦ︾ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨ ᠤ ᠦᠢᠯᠡᠪᠦᠷᠢ ᠶᠢᠨ ᠰᠣᠳᠣᠨ ᠪᠦᠲᠦᠭᠡᠯ︾ ᠢ ᠪᠢᠴᠢᠭᠯᠡᠬᠦ ᠪᠠᠷ ᠥᠷᠢᠰᠦᠯᠳᠦᠬᠦ ᠪᠠᠷ ᠠᠵᠠ ᠲᠣᠬᠢᠶᠠᠯ ᠪᠣᠯᠭᠠᠨ᠂ ᠥᠩᠭᠡᠷᠡᠭᠰᠡᠨ ᠤ ᠣᠨ ᠤ ᠦᠢᠯᠡᠪᠦᠷᠢ ᠶᠢ ᠨᠠᠶᠢᠷᠠᠭᠤᠯᠤᠭᠰᠠᠨ ᠰᠠᠭᠤᠷᠢᠨ ᠳᠡᠭᠡᠷ᠎ᠡ᠂ ᠭᠠᠷᠴᠠᠭ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠭᠠᠷᠴᠠᠭ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠢᠯᠡ ᠲᠣᠳᠣ ᠭᠤᠣᠯ ᠰᠡᠳᠦᠪᠲᠦ ᠵᠢᠷᠤᠭ ᠲᠥᠯᠥᠪᠯᠡᠭᠡ᠂ ᠨᠠᠷᠢᠯᠢᠭ ᠰᠠᠶᠢᠬᠠᠨ ᠬᠡᠷᠡᠯ ᠵᠢᠷᠤᠭ ᠢ ᠬᠢᠨᠠᠨ ᠰᠣᠩᠭᠤᠵᠤ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠢᠴᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ ᠪᠠᠶᠢᠭ᠎ᠠ ᠶᠠᠪᠤᠴᠠ ᠳᠤ ᠣᠯᠣᠭᠰᠠᠨ ᠠᠮᠵᠢᠯᠲᠠ ᠪᠦᠲᠦᠮᠵᠢ ᠪᠠ ᠭᠤᠶᠢᠳᠠ ᠰᠠᠶᠢᠬᠠᠨ ᠴᠠᠭ ᠮᠥᠴᠡ ᠶᠢ ᠲᠡᠮᠳᠡᠭᠯᠡᠨ ᠲᠣᠭᠠᠴᠢᠭᠰᠠᠨ ᠶᠤᠮ᠃ ︽ᠪᠠᠷᠠᠭᠤᠨ ᠦᠵᠦᠮᠦᠴᠢᠨ ᠤ ᠣᠨ ᠤ ᠦᠢᠯᠡᠪᠦᠷᠢ ︵2023︶︾ ᠳᠤ ᠨᠡᠶᠢᠲᠡ 30 ᠲᠥᠷᠥᠯ᠂ 187 ᠬᠤᠪᠢᠶᠠᠷᠢ ᠭᠠᠷᠴᠠᠭ᠂ 969 ᠵᠤᠷᠪᠤᠰ ᠭᠠᠷᠴᠠᠭ ᠢ ᠪᠠᠶᠢᠷᠢᠯᠠᠭᠤᠯᠵᠤ᠂ 240 ᠭᠠᠷᠤᠢ ᠵᠢᠷᠤᠭ ᠢ ᠡᠯᠰᠡᠨ ᠠᠪᠴᠤ᠂ ᠪᠥᠬᠦ ᠨᠣᠮ ᠨᠢ ᠨᠡᠶᠢᠲᠡ 80 ᠲᠦᠮᠡᠨ ᠥᠰᠥᠭ ᠲᠠᠢ᠃ ᠲᠤᠰ ᠦᠢᠯᠡᠪᠦᠷᠢ ᠳᠤ ᠣᠨ ᠤ ᠬᠥᠭᠵᠢᠯᠲᠡ ᠶᠢ  ᠬᠠᠷᠠᠭᠤᠯᠤᠭᠰᠠᠨ ᠢᠶᠠᠷ ᠪᠠᠷᠠᠬᠤ ᠦᠭᠡᠢ ᠠᠭᠤᠯᠭ᠎ᠠ ᠳᠤ ᠨᠢ ᠲᠣᠬᠢᠷᠠᠭᠤᠯᠤᠭᠰᠠᠨ ᠵᠢᠷᠤᠭ ᠰᠡᠭᠦᠳᠡᠷ ᠨᠢ  ᠵᠢᠷᠤᠭᠯᠠᠯ ᠪᠠ ᠬᠠᠷᠠᠭᠠᠨ ᠰᠡᠷᠡᠯ ᠤᠨ ᠦᠷ᠎ᠡ ᠪᠦᠲᠦᠮᠵᠢ ᠶᠢ ᠶᠡᠭᠡ ᠪᠠᠷ ᠨᠡᠮᠡᠭᠳᠡᠭᠦᠯᠵᠦ᠂ ᠣᠨ ᠤ ᠦᠢᠯᠡᠪᠦᠷᠢ ᠶᠢᠨ ᠣᠶᠢᠯᠠᠭᠠᠮᠵᠢᠲᠤ ᠴᠢᠨᠠᠷ ᠪᠠ ᠤᠩᠰᠢᠭᠴᠢ ᠳᠤ ᠥᠭᠬᠦ ᠭᠤᠸ᠎ᠠ ᠰᠠᠶᠢᠬᠠᠨ ᠤ ᠮᠡᠳᠡᠷᠡᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠮᠥᠨ ᠴᠦ ᠪᠠᠷᠠᠭᠤᠨ ᠦᠵᠦᠮᠦᠴᠢᠨ ᠢ ᠭᠦᠢᠴᠡᠳ ᠲᠠᠨᠢᠬᠤ᠂ ᠣᠶᠢᠯᠠᠭᠠᠬᠤ᠂ ᠰᠤᠳᠤᠯᠬᠤ᠂ ᠪᠦ᠋ᠲᠦᠭᠡᠨ ᠪᠠᠶᠢᠭᠤᠯᠬᠤ ᠳᠤ ᠦᠨᠳᠦᠰᠦᠨ ᠮᠡᠳᠡᠭᠡ ᠵᠠᠩᠭᠢ ᠶᠢᠨ ᠮᠠᠲ᠋ᠧᠷᠢᠶᠠᠯ ᠬᠠᠩᠭᠠᠵᠤ᠂ ᠣᠷᠣᠨ ᠨᠤᠲᠤᠭ ᠤᠨ ᠣᠶᠢᠯᠠᠯᠭ᠎ᠠ ᠶᠢᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号