2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠲᠦ ᠤᠷᠤᠯᠳᠤᠭᠠᠨ ᠦᠪᠡᠳᠡᠭᠰᠢ ᠶᠠᠬᠡᠪᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2024/6/24
                                                                 6 ᠰᠠᠷ᠎ᠡ ᠶᠢᠨ 23᠎ ᠤ ᠡᠳᠦᠷ  ᠂ 2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠲᠦ ᠤᠷᠤᠯᠳᠤᠭᠠᠨ ᠦᠪᠡᠳᠡᠭᠰᠢ  ᠶᠠᠬᠡᠪᠡᠷ  ᠶᠠᠪᠤᠭᠳᠠᠯ᠎ᠠ᠃     ᠲᠣᠰ ᠤᠳᠠᠭᠠᠨ ᠤ ᠤᠷᠤᠯᠳᠣᠭᠠᠨ ᠢ  ᠪᠠᠷᠠᠭᠤᠨ ᠦᠵᠦᠮᠦᠴᠢᠨ ᠬᠤᠰᠢᠭᠤᠨ ᠤ ᠠᠷᠠᠳ‌‍ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ  ᠎ ᠠᠴᠠ ᠳᠠᠭᠠᠭᠠᠴᠢᠯᠠᠨ ᠡᠷᠭᠢᠯᠡᠪᠡ᠃
   ᠡᠬᠢᠯᠡᠯᠲᠡ ᠶᠢᠨ ᠶᠣᠰᠣᠯᠠᠯ ᠨᠢ ︽ᠵᠠᠩᠭᠠᠷ ᠤᠨ ᠠᠷᠪᠠᠨ ᠬᠤᠶᠠᠷ ᠪᠠᠭᠠᠳᠣᠷ ᠤᠨ ᠮᠠᠭᠳᠠᠭᠠᠯ︾᠎ ᠤᠨ ᠭᠤᠶᠢᠳᠠ ᠰᠠᠶᠢᠬᠠᠨ ᠭᠦᠭ ᠠᠶᠠᠰ ᠤᠨ ᠲᠤᠮᠳᠠ ᠬᠥᠰᠢᠭᠡ ᠪᠠᠨ ᠰᠡᠬᠦᠵᠦ᠂ ᠤᠯᠤᠰ ᠤᠨ ᠲᠤᠭ ᠤᠨ ᠵᠢᠭᠰᠠᠭᠠᠯ ᠤᠨ ᠡᠩᠨᠡᠭᠡ ᠨᠢ ᠲᠠᠪᠤᠨ ᠣᠳᠣᠲᠤ ᠤᠯᠠᠭᠠᠨ ᠲᠤᠭ ᠢᠶᠠᠨ ᠨᠠᠮᠢᠷᠠᠭᠤᠯᠤᠨ ᠲᠠᠯᠠᠪᠠᠶ ᠳᠤ ᠣᠷᠣᠵᠤ᠂ ᠲᠠᠯ᠎ᠠ ᠨᠤᠲᠤᠭ ᠤᠨ ᠠᠷᠡᠳ ᠲᠦᠮᠠᠨ ᠤ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠤᠯᠠᠮᠵᠢᠯᠠᠯᠲᠤ ᠵᠠᠩ ᠳᠠᠳᠬᠠᠯ ᠤᠨ ᠳᠦᠷᠰᠦ ᠪᠠᠶᠢᠳᠠᠯ ᠢ ᠪᠥᠬᠦ ᠲᠠᠯ᠎ᠠ ᠪᠠᠷ ᠢᠯᠡᠷᠡᠭᠦᠯᠦᠭᠰᠡᠨ ᠪᠠᠶᠢᠨ᠎ᠠ᠃ ᠡᠬᠦᠨ ᠤ ᠲᠠᠷᠠᠭ᠎ᠠ᠂ ᠬᠢᠨᠠᠭᠴᠢ ᠶᠢᠨ ᠵᠢᠭᠰᠠᠭᠠᠯ ᠤᠨ ᠡᠩᠨᠡᠭᠡ᠂ ᠡᠯ᠎ᠡ ᠰᠤᠮᠤ ᠪᠠᠯᠭᠠᠰᠣᠨ ᠤ ᠲᠥᠯᠥᠭᠡᠯᠡᠭᠴᠢᠳ ᠤᠨ ᠡᠩᠨᠡᠭᠡ᠂ ᠡᠯ᠎ᠠ ᠭᠠᠵᠠᠷ ᠠᠴᠠ ᠬᠦᠷᠦᠯᠴᠠᠨ ᠢᠷᠡᠭᠰᠠᠨ ᠵᠤᠭᠠᠴᠠᠭᠰᠠᠳ ᠎ ᠤᠨ ᠡᠩᠨᠡᠭᠡ ᠵᠡᠷᠭᠡ  ᠲᠠᠯᠠᠪᠠᠢ ᠳᠤ ᠣᠷᠣᠵᠤ  ᠂  ᠤᠷᠤᠨ ᠨᠤᠳᠤᠭ ᠤᠨ ᠤᠨᠴᠠᠯᠢᠭᠳᠣ ᠰᠣᠶᠤᠯ ᠵᠠᠩᠰᠢᠯ ᠵᠢᠴᠢ ᠤᠷᠠᠨ ᠰᠠᠶᠢᠬᠠᠨ ᠤ ᠲᠤᠭᠯᠠᠯᠳᠠ ᠨᠢ ᠬᠤᠷᠠᠭᠰᠠᠨ ᠤᠯᠠᠨ ᠤ ᠪᠠᠨ ᠪᠠᠭ᠋ᠠᠷᠬᠠᠯ ᠢ ᠳᠠᠳᠠᠭᠰᠠᠨ  ᠪᠠᠶᠢᠨ᠎ᠠ᠃   ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂  ᠠᠯᠤᠰ ᠤᠨ ᠮᠤᠷᠢᠨ ᠤ ᠤᠷᠤᠯᠳᠣᠭᠠᠨ᠂ 15ᠺᠢᠯᠤᠮᠧᠲᠷ ᠤᠨ ᠬᠦᠴᠦᠨ ᠵᠠᠯᠭᠠᠬᠤ ᠣᠷᠣᠯᠳᠣᠭᠠᠨ᠂  ᠣᠷᠭᠠᠨ ᠮᠤᠷᠢᠨ ᠤ ᠣᠷᠠᠨ ᠡᠷᠬᠢᠯᠳᠡ᠂ ᠮᠣᠷᠢ ᠪᠠᠨ ᠬᠥᠲᠥᠯᠵᠦ ᠰᠠᠭᠠᠳ ᠳᠠᠪᠠᠭ᠋ᠤ ᠤᠷᠤᠯᠳᠤᠭᠠᠨ᠂ ᠨᠠᠮᠨᠠᠭ᠎ᠠ᠂ ᠭᠠᠩᠭᠠᠩ ᠬᠦᠯᠦᠭ ᠤᠨ ᠰᠢᠯᠭᠠᠷᠠᠭᠤᠯᠤᠯᠳᠠ ᠪᠠ ᠡᠮᠨᠢᠭ ᠰᠤᠷᠭᠠᠬᠤ ᠤᠷᠤᠯᠳᠤᠭᠠᠨ ᠵᠡᠷᠭᠡ ᠤᠷᠤᠯᠳᠤᠭᠠᠨ  ᠮᠦᠷᠦᠶᠢᠴᠠᠬᠡᠨ ᠢ ᠲᠤᠬᠢᠷᠠᠭᠤᠯᠤᠭᠰᠠᠨ ᠤ ᠬᠠᠮᠲᠤ᠂ ᠤᠯᠠᠨ ᠲᠦᠷᠦᠯ ᠤᠨ ᠵᠤᠭᠠᠴᠠᠯ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠪᠣᠯᠣᠨ ᠰᠣᠶᠣᠯ ᠵᠤᠭᠠᠴᠠᠯ ᠤᠨ ᠣᠨᠴᠠᠯᠢᠭᠲᠤ ᠲᠠᠸᠠᠷ ᠤᠨ ᠳᠡᠯᠭᠡᠨ ᠪᠣᠷᠤᠯᠠᠭᠤᠯᠭ᠎ᠠ ᠶᠢ ᠲᠣᠬᠢᠷᠠᠭᠤᠯᠵᠤ᠂ ᠵᠤᠭᠠᠴᠠᠭᠰᠠᠳ ᠲᠤ ᠲᠠᠯ᠎ᠠ ᠨᠤᠲᠤᠭ ᠤᠨ ᠵᠠᠩ ᠦᠢᠯᠡ ᠶᠢᠨ ᠰᠣᠶᠣᠯ ᠂ ᠠᠮᠲᠠᠲᠤ ᠢᠳᠡᠭᠡᠨ  ᠪᠠ ᠣᠷᠣᠨ ᠨᠤᠲᠤᠭ ᠤᠨ ᠣᠨᠴᠠᠯᠢᠭᠲᠤ ᠲᠠᠸᠠᠷ ᠢ ᠦᠢᠯᠠᠭᠠᠭᠤᠯᠤᠭᠰᠠᠨ ᠪᠠᠶᠢᠨ᠎ᠠ᠃
   2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠤᠷᠤᠯᠳᠤᠭᠠᠨ 5 ᠰᠠᠷ᠎ᠠ ᠶᠢᠨ 19᠎ ᠤ ᠡᠳᠦᠷ ᠦᠪᠡᠳᠡᠭᠰᠢ ᠶᠡᠭᠡ ᠪᠠᠷ ᠡᠬᠢᠯᠡᠵᠦ᠂ 6 ᠰᠠᠷ᠎ᠠ ᠶᠢᠨ 13᠎ ᠤ ᠡᠳᠦᠷ ᠰᠤᠮᠤ ᠪᠠᠯᠭᠠᠰᠤᠨ ᠤ ᠲᠠᠰ ᠤᠨ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠴᠦ᠂ 26 ᠡᠳᠦᠷ ᠤᠨ ᠬᠤᠭᠤᠴᠠᠭᠠᠨ ᠳᠤ ᠡᠯ᠎ᠡ ᠰᠤᠮᠤ ᠪᠠᠯᠭᠠᠰᠤ᠂ ᠭᠠᠴᠠᠭ᠎ᠠ ᠨᠢ 18 ᠤᠳᠠᠭᠠᠨ ᠤ ᠤᠷᠤᠯᠳᠤᠭᠠᠨ ᠢ ᠶᠠᠪᠤᠭᠳᠠᠭᠤᠯᠤᠨ᠂ ᠬᠠᠮᠤᠭ ᠡᠴᠦᠰ ᠲᠤ ᠬᠤᠰᠢᠭᠤ ᠳᠡᠰ ᠤᠨ ᠠᠯᠤᠰ ᠤᠨ ᠮᠣᠷᠢᠨ ᠤ ᠤᠷᠤᠯᠳᠤᠭᠠᠨ ᠳᠤ ᠣᠷᠣᠯᠴᠠᠬᠤ 30 ᠭᠠᠷᠤᠢ ᠬᠤᠷᠳᠤᠨ ᠬᠥᠯᠥᠭ ᠪᠣᠯᠣᠨ ᠬᠤᠰᠢᠭᠤ ᠳᠡᠰ ᠤᠨ ᠪᠤᠤᠭᠢᠶ᠎ᠠ ᠤᠷᠤᠯᠳᠤᠭᠠᠨ ᠳᠤ ᠣᠷᠣᠯᠴᠠᠬᠤ ᠬᠠᠮᠲᠤ ᠨᠢᠭᠡᠴᠡ ᠶᠢ ᠰᠢᠯᠭᠠᠷᠠᠭᠤᠯᠤᠨ᠂ ᠤᠷᠤᠯᠳᠤᠭᠠᠨ ᠳᠤ ᠣᠷᠣᠯᠴᠠᠬᠤ ᠡᠷᠬᠡ ᠶᠢ ᠣᠯᠭᠤᠭᠰᠠᠨ ᠪᠠᠶᠢᠨ᠎ᠠ᠃    ᠲᠤᠰ ᠤᠳᠠᠭᠠᠨ ᠤ ᠠᠵᠢᠯᠯᠠᠭ᠎ᠠ ᠨᠢ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠲᠠᠯ᠎ᠠ ᠨᠤᠲᠤᠭ ᠤᠨ ᠰᠣᠶᠣᠯ ᠤᠨ ᠭᠦᠨ ᠵᠤᠵᠠᠭᠠᠨ ᠠᠭᠤᠯᠬᠤᠨ ᠢ ᠨᠡᠩ ᠤᠯᠠᠨ ᠬᠥᠮᠥᠰ ᠲᠤ ᠣᠶᠢᠯᠠᠭᠠᠭᠤᠯᠤᠭᠰᠠᠨ ᠪᠠᠶᠢᠨ᠎ᠠ᠃    ᠣᠶᠢᠷ᠎ᠠ ᠶᠢᠨ ᠵᠢᠯ ᠂ ᠪᠠᠷᠠᠭᠤᠨ ᠦᠵᠦᠮᠦᠴᠢᠨ ᠬᠤᠰᠢᠭᠤ ᠨᠢ ᠠᠳᠤᠭᠤᠨ ᠤ ᠠᠵᠤ ᠦᠢᠯᠡᠰ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠢᠳ ᠬᠤᠵᠢᠳ 800 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠤᠭᠤ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠭᠰᠠᠨ ᠮᠦᠷᠳᠠᠬᠡᠨ ᠡᠨᠡ ᠵᠢᠯ᠂ ᠪᠠᠷᠠᠭᠤᠨ ᠦᠵᠦᠮᠦᠴᠢᠨ ᠬᠤᠰᠢᠭᠤ ᠨᠢ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠴᠠᠭᠠᠨ ᠠᠳᠤᠭᠤᠨ ᠤ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠲᠣᠰ ᠭᠠᠵᠠᠷ ᠤᠨ ᠢᠶᠠᠨ ︽PONY ᠮᠣᠷᠢ︾᠎ ᠶᠢ ᠪᠤᠶᠢᠵᠢᠭᠤᠯᠤᠨ᠂ ᠠᠳᠤᠭᠤᠨ ᠰᠣᠶᠣᠯ ᠤᠨ ᠡᠵᠡᠩᠨᠡᠯᠲᠡ ᠶᠢᠨ ᠬᠡᠪ ᠪᠠᠶᠢᠳᠠᠯ ᠢ ᠪᠠᠶᠠᠯᠢᠭᠵᠢᠭᠤᠯᠤᠨ᠂ ᠵᠢᠭᠤᠯᠴᠢᠯᠠᠭᠴᠢᠳ ᠲᠤ ᠡᠯᠪᠡᠭ ᠪᠠᠶᠠᠯᠢᠭ ᠣᠯᠠᠨ ᠶᠠᠩᠵᠤ ᠶᠢᠨ᠂ ᠨᠠᠩ ᠥᠨᠳᠥᠷ ᠶᠠᠰᠤ ᠴᠢᠨᠠᠷ ᠲᠠᠢ ᠮᠣᠷᠢᠨ ᠮᠡᠷᠭᠡᠵᠢᠯ ᠤᠨ ᠣᠶᠢᠯᠠᠭᠠᠯᠲᠠ ᠪᠠ ᠰᠣᠶᠣᠯ ᠤᠨ ᠰᠤᠳᠤᠯᠤᠨ ᠰᠤᠷᠤᠯᠴᠠᠬᠤ ᠲᠣᠬᠢᠶᠠᠯ  ᠬᠠᠩᠭᠠᠬᠤ ᠪᠠᠷ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号