2024 ᠤᠨ ᠤ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠳᠦ ᠤᠷᠤᠯᠳᠤᠭᠠᠨ ᠤ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/6/24
     6 ᠰᠠᠷ᠎ᠠ ᠶᠢᠨ 23 ᠤ ᠦᠷᠯᠦᠭᠡ᠂ 2024 ᠤᠨ ᠤ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠳᠦ ᠤᠷᠤᠯᠳᠤᠭᠠᠨ ᠤ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠤᠯᠠᠭᠠᠠᠬᠠᠭᠠᠯᠭ᠎ᠠ ᠰᠤᠮᠤᠨ ᠤ ᠲᠠᠪᠰᠢᠯᠳᠦ ᠭᠠᠴᠠᠭᠠᠨ ᠳᠠᠬᠢ 99 ᠨᠤᠮᠧᠷᠳᠦ ᠮᠤᠷᠢᠨ ᠤᠷᠤᠯᠳᠤᠭᠠᠨ ᠤ ᠲᠠᠯᠠᠪᠤᠷ ᠲᠤ ᠶᠠᠪᠤᠭᠳᠠᠪᠠ᠃
     ᠲᠤᠰ ᠤᠳᠠᠭᠠᠨ ᠤ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ 6 ᠰᠤᠮᠤ ᠪᠠᠯᠭᠠᠰᠤᠨ ᠠᠴᠠ ᠬᠦᠷᠦᠯᠴᠡᠨ ᠢᠷᠡᠭᠰᠡᠨ ᠭᠤᠴᠢᠭᠠᠳ ᠮᠤᠷᠢ ᠤᠷᠤᠯᠴᠠᠨ 60 ᠭᠠᠵᠠᠷ ᠤᠨ ᠠᠯᠤᠰ ᠤᠨ ᠤᠷᠤᠯᠳᠤᠭᠠᠨ ᠳᠤ ᠬᠦᠴᠦ ᠰᠢᠨᠳᠠᠰᠤ  ᠪᠠᠨ ᠰᠢᠯᠭᠠᠯᠴᠠᠪᠠ᠃ ᠤᠷᠤᠯᠳᠤᠭᠠᠨ ᠤ ᠳ᠋ᠦᠩ ᠳᠤ᠂ ᠤᠯᠠᠭᠠᠠᠬᠠᠭᠠᠯᠭ᠎ᠠ ᠰᠤᠮᠤᠨ ᠤ ᠪᠠᠴᠢᠪᠤᠯᠠᠭ ᠭᠠᠴᠠᠭᠠᠨ ᠤ ᠴᠢᠯᠠᠭᠤᠠᠪᠠᠭᠠᠳᠤᠷ ᠤᠨ ᠬᠤᠯᠠ ᠮᠤᠷᠢ ᠲᠡᠷᠢᠬᠦᠯᠡᠵᠦ᠂ ᠪᠠᠶᠠᠠᠬᠤᠸᠠ ᠪᠠᠯᠭᠠᠰᠤᠨ ᠤ ᠰᠠᠶᠢᠠᠠᠦ᠋ᠨᠳᠦᠷ ᠭᠠᠴᠠᠭᠠᠨ ᠤ ᠪᠤᠶᠠᠠᠮᠠᠨᠳᠤᠬᠤ ᠶᠢᠨ ᠪᠤᠭᠤᠷᠤᠯ ᠮᠤᠷᠢ ᠲᠡᠳ᠋ᠯᠡᠨ᠂ ᠭᠤᠷᠤᠬᠠᠨ ᠪᠠᠯᠭᠠᠰᠤᠨ ᠤ ᠰᠢᠨᠡᠪᠠᠶᠠᠷ ᠤᠨ ᠬᠦᠷᠡᠩ ᠮᠤᠷᠢ᠂ ᠪᠠᠶᠠᠠᠬᠤᠸᠠ ᠪᠠᠯᠭᠠᠰᠤᠨ ᠤ ᠰᠤᠮᠢᠶ᠎ᠠ ᠶᠢᠨ ᠬᠦᠷᠡᠩ ᠮᠤᠷᠢ᠂ ᠪᠠᠶᠠᠠᠬᠤᠰᠢᠭᠤ ᠰᠤᠮᠤᠨ ᠤ ᠴᠢᠯᠠᠭᠤᠨᠪᠠᠭᠠᠳᠤᠷ ᠤᠨ ᠪᠤᠷᠤ ᠮᠤᠷᠢ ᠲᠤᠰ ᠲᠤᠰ ᠭᠤᠷᠪᠠ᠂ ᠲᠦᠷᠪᠡ᠂ ᠲᠠᠪᠤᠳᠤᠭᠠᠷ ᠲᠤ ᠤᠷᠤᠪᠠ᠃      ᠲᠤᠰ ᠤᠳᠠᠭᠠᠨ ᠤ ᠠᠯᠤᠰ ᠤᠨ ᠮᠤᠷᠢᠨ ᠤ ᠤᠷᠤᠯᠳᠤᠭᠠᠨ ᠢᠶᠠᠷ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ︽ᠮᠤᠩᠭᠤᠯ ᠮᠤᠷᠢᠨ ᠤ ᠵᠤᠷᠢᠭ ᠰᠠᠨᠠᠭ᠎ᠠ︾ ᠶᠢ ᠤᠯᠠᠮᠵᠢᠯᠠᠨ ᠪᠠᠳᠠᠷᠠᠭᠤᠯᠵᠤ᠂ ᠤᠯᠠᠮᠵᠢᠯᠠᠯᠳᠤ ᠰᠤᠶᠤᠯ ᠬᠢᠭᠡᠳ ᠤᠨᠴᠠᠯᠢᠭᠳᠦ ᠵᠢᠭᠤᠯᠴᠢᠯᠠᠯ ᠤᠨ ᠦᠢᠯᠡᠰ ᠢ ᠠᠭᠤᠰᠣᠯᠴᠠᠭᠤᠯᠤᠨ ᠬᠦᠭᠵᠢᠬᠦᠯᠬᠦ ᠶᠢ ᠰᠠᠨᠠᠭᠠᠴᠢᠯᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号