ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭᠠᠨ ᠤ  ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/24
     6 ᠰᠠᠷ᠎ᠠ ᠶᠢᠨ 21 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ  ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠭᠠᠨ᠎ᠠ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠡᠯ᠎ᠡ ᠳᠡᠳ᠋ ᠲᠡᠷᠢᠭᠦᠯᠡᠭᠴᠢ ᠪᠣᠯᠣᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃     ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠱᠠᠨᠳᠦ᠋ᠩ ᠳᠤ ᠠᠵᠢᠯ ᠪᠠᠶᠢᠴᠠᠭᠠᠬᠤ ᠦᠶ᠎ᠡ ᠶᠢᠨ  ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ ᠪᠣᠯᠬᠤ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ︽ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠨ᠎ᠡ ︱ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠬᠦᠦᠷᠨᠢᠯ ᠰᠢᠭᠦᠮᠵᠢ︾ ᠪᠣᠯᠣᠨ ᠸᠠᠩ ᠬᠡᠦ ᠨᠢᠩ ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯ ᠤᠨ ᠲᠡᠭᠦᠰᠬᠡᠯ ᠤᠨ ᠬᠤᠷᠠᠯ ᠳᠡᠭᠡᠷᠡᠬᠢ ᠶᠠᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ  ᠱᠦᠵᠢ ᠰᠦᠨ ᠱᠤᠤ ᠴᠧᠩ ᠤᠨ ︽︿ᠲᠠᠪᠤᠨ ᠶᠡᠭᠡ ᠡᠭᠦᠷᠭᠡ ᠶᠢ﹀ ᠨᠠᠶᠢᠳᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠵᠣᠬᠢᠶᠠᠯ ᠢ ᠤᠯᠠᠮᠵᠢᠯᠠᠨ ᠰᠤᠷᠤᠯᠴᠠᠪᠠ᠃ ︽ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠲᠤᠬᠠᠢ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠲᠣᠭᠲᠠᠭᠠᠯ︾ ᠵᠡᠷᠭᠡ ᠠᠵᠢᠯ ᠤᠨ ᠳᠦᠷᠢᠮ ᠢ ᠬᠢᠨᠠᠨ ᠵᠥᠪᠯᠡᠵᠦ ᠪᠠᠲᠤᠯᠠᠪᠠ᠃ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠄      ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠣᠭᠰᠣᠴᠠ ᠶᠢᠨ ᠲᠠᠯ᠎ᠠ ᠪᠠᠷ ᠰᠢᠨ᠎ᠡ  ᠳᠠᠪᠰᠢᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ᠃ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠲᠦᠷᠦᠭᠦᠯᠡᠨ ᠭᠦᠢᠴᠡᠳᠬᠡᠵᠦ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠭᠡᠰᠢᠭᠦᠳ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠬᠡᠪ ᠳᠠᠭᠤᠷᠢᠶᠠᠯ ᠪᠣᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠤᠬᠠᠮᠰᠠᠷ ᠠᠴᠠ ᠪᠠᠨ ᠳᠦᠷᠢᠮ ᠢ ᠬᠠᠮᠠᠭᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号