2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠶᠳᠪᠦᠷᠢᠲᠦ ᠤᠷᠤᠯᠳᠤᠭᠠᠨ ᠤ ᠮᠤᠷᠢᠨ ᠮᠡᠷᠭᠡᠵᠢᠯ ᠤᠨ ᠤᠷᠤᠯᠳᠤᠭᠠᠨ ᠤ ᠲᠦᠷᠦᠯ ᠵᠦᠢᠯ ᠶᠠᠪᠤᠭᠳᠠᠪᠠ
ᠨᠡᠶᠢᠲᠡᠯᠡᠭᠰᠡᠨ ᠴᠠᠭ᠄
2024/6/24
                                                   6 ᠰᠠᠷ᠎ᠠ ᠶᠢᠨ 23 ᠤ ᠡᠳᠦᠷ᠂ 2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠶᠳᠪᠦᠷᠢᠲᠦ ᠤᠷᠤᠯᠳᠤᠭᠠᠨ ᠤ ᠠᠬᠤᠶ ᠲᠠᠯᠠᠪᠠᠶ ᠳᠤ᠂ ᠲᠤᠰ ᠤᠳᠠᠭᠠᠨ ᠤ ᠰᠢᠢᠳᠪᠦᠷᠢᠲᠦ ᠤᠷᠤᠯᠳᠤᠭᠠᠨ ᠤ ᠨᠢᠭᠡ ᠲᠥᠷᠥᠯ ᠵᠦᠢᠯ ᠪᠣᠯᠬᠤ ᠦᠨᠳᠦᠰᠦᠲᠡᠨ ᠤ ᠣᠨᠴᠠᠯᠢᠭ  ᠲᠠᠢ ᠮᠤᠷᠢᠨ ᠮᠡᠷᠭᠡᠵᠢᠯ ᠤᠨ ᠤᠷᠤᠯᠳᠤᠭᠠᠨ ᠨᠢ ᠬᠤᠷᠠᠭᠰᠠᠨ ᠤᠯᠠᠨ ᠳᠠᠭᠠᠨ  ᠮᠤᠷᠢᠨ ᠨᠢᠷᠤᠭᠤᠨ ᠳᠡᠭᠡᠷᠡᠬᠢ ᠦᠡᠭᠭᠡ ᠵᠢᠪᠬᠤᠭ᠎ᠠ ᠶᠢ ᠬᠠᠷᠠᠭᠤᠯᠪᠠ᠃
      ᠣᠶᠢᠯᠠᠭᠠᠭᠰᠠᠨ ᠢᠶᠠᠷ᠂ ᠮᠣᠷᠢᠨ ᠮᠡᠷᠭᠡᠵᠢᠯ ᠤᠨ ᠤᠷᠤᠯᠳᠤᠭᠠᠨ ᠤ ᠵᠦᠢᠯ ᠳᠤ ᠣᠷᠭᠠᠨ ᠮᠤᠷᠢᠨ ᠤ ᠣᠷᠠᠨ ᠡᠷᠬᠢᠯᠳᠡ᠂ ᠮᠤᠷᠢᠨ ᠲᠡᠭᠡᠷ᠎ᠡ ᠠᠴᠠ ᠨᠠᠮᠨᠠᠬᠤ᠂  ᠬᠠᠳᠠᠭ ᠰᠢᠭᠦᠷᠡᠬᠦ  ᠂ ᠭᠠᠨᠭ᠍ᠭᠠᠩ ᠬᠦᠯᠦᠭ ᠰᠢᠯᠭᠠᠷᠠᠭᠤᠯᠬᠤ᠂ ᠡᠮᠨᠢᠭ ᠰᠤᠷᠭᠠᠬᠤ ᠵᠡᠷᠭᠡ 5 ᠲᠦᠷᠦᠯ ᠤᠨ ᠤᠷᠤᠯᠳᠤᠭᠠᠨ ᠢ ᠲᠣᠬᠢᠷᠠᠭᠤᠯᠤᠭᠰᠠᠨ ᠪᠠᠶᠢᠨ᠎ᠠ᠃ ᠡᠯ᠎ᠡ ᠲᠦᠷᠦᠯ ᠤᠨ ᠮᠡᠷᠭᠡᠵᠢᠯ  ᠤᠨ ᠤᠷᠤᠯᠳᠤᠭᠠᠨ ᠳᠤ ᠣᠷᠣᠯᠴᠠᠭᠰᠠᠨ ᠠᠳᠤᠭᠤᠴᠢᠨ ᠵᠠᠯᠠᠭᠤᠴᠤᠳ ᠮᠤᠷᠢᠨ ᠨᠢᠷᠤᠭᠤᠨ ᠲᠡᠭᠡᠷᠡᠬᠢ ᠤᠷ᠎ᠠ  ᠮᠡᠷᠭᠡᠵᠢᠯ  ᠢᠶᠠᠨ ᠭᠠᠶᠢᠬᠠᠭᠤᠯᠵᠦ᠂ ᠮᠤᠩᠭᠤᠯ ᠮᠤᠷᠢᠨ ᠤ ᠰᠢᠨᠳᠠᠰᠦ ᠵᠤᠷᠢᠭ ᠢ ᠰᠣᠷᠢᠨ᠂ ᠮᠠᠯᠴᠢᠨ ᠠᠷᠠᠳ ᠤᠨ ᠴᠤᠭ ᠵᠣᠯᠪᠣᠭ᠎ᠠ  ᠶᠢ ᠬᠠᠷᠠᠭᠤᠯᠬᠤ ᠳᠤ ᠬᠤᠯᠠ ᠣᠶᠢᠷ᠎ᠠ ᠠᠴᠠ ᠬᠦᠷᠦᠯᠴᠡᠨ ᠢᠷᠡᠭᠰᠡᠨ ᠦᠵᠡᠭᠴᠢᠳ ᠣᠯᠠᠨ ᠤᠷᠮ᠎ᠠ  ᠬᠠᠶᠢᠷᠠᠯᠠᠨ ᠤᠤᠬᠠᠶᠢᠯᠠᠵᠤ ᠪᠠᠶᠢᠯ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号