2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠲᠦ ᠤᠷᠤᠯᠳᠤᠭᠠᠨ ᠦᠪᠡᠳᠡᠭᠰᠢ ᠶᠠᠬᠡᠪᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2024/6/24
                                                                 6 ᠰᠠᠷ᠎ᠡ ᠶᠢᠨ 23 ᠤ ᠡᠳᠦᠷ  ᠂ 2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠲᠦ ᠤᠷᠤᠯᠳᠤᠭᠠᠨ ᠦᠪᠡᠳᠡᠭᠰᠢ  ᠶᠠᠬᠡᠪᠡᠷ  ᠶᠠᠪᠤᠭᠳᠠᠯ᠎ᠠ᠃     ᠲᠣᠰ ᠤᠳᠠᠭᠠᠨ ᠤ ᠤᠷᠤᠯᠳᠣᠭᠠᠨ ᠢ  ᠪᠠᠷᠠᠭᠤᠨ ᠦᠵᠦᠮᠦᠴᠢᠨ ᠬᠤᠰᠢᠭᠤᠨ ᠤ ᠠᠷᠠᠳ‌‍ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ   ᠠᠴᠠ ᠳᠠᠭᠠᠭᠠᠴᠢᠯᠠᠨ ᠡᠷᠭᠢᠯᠡᠪᠡ᠃
   ᠡᠬᠢᠯᠡᠯᠲᠡ ᠶᠢᠨ ᠶᠣᠰᠣᠯᠠᠯ ᠨᠢ ︽ᠵᠠᠩᠭᠠᠷ ᠤᠨ ᠠᠷᠪᠠᠨ ᠬᠤᠶᠠᠷ ᠪᠠᠭᠠᠳᠣᠷ ᠤᠨ ᠮᠠᠭᠳᠠᠭᠠᠯ︾ ᠤᠨ ᠭᠤᠶᠢᠳᠠ ᠰᠠᠶᠢᠬᠠᠨ ᠭᠦᠭ ᠠᠶᠠᠰ ᠤᠨ ᠲᠤᠮᠳᠠ ᠬᠥᠰᠢᠭᠡ ᠪᠠᠨ ᠰᠡᠬᠦᠵᠦ᠂ ᠤᠯᠤᠰ ᠤᠨ ᠲᠤᠭ ᠤᠨ ᠵᠢᠭᠰᠠᠭᠠᠯ ᠤᠨ ᠡᠩᠨᠡᠭᠡ ᠨᠢ ᠲᠠᠪᠤᠨ ᠣᠳᠣᠲᠤ ᠤᠯᠠᠭᠠᠨ ᠲᠤᠭ ᠢᠶᠠᠨ ᠨᠠᠮᠢᠷᠠᠭᠤᠯᠤᠨ ᠲᠠᠯᠠᠪᠠᠶ ᠳᠤ ᠣᠷᠣᠵᠤ᠂ ᠲᠠᠯ᠎ᠠ ᠨᠤᠲᠤᠭ ᠤᠨ ᠠᠷᠡᠳ ᠲᠦᠮᠠᠨ ᠤ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠤᠯᠠᠮᠵᠢᠯᠠᠯᠲᠤ ᠵᠠᠩ ᠳᠠᠳᠬᠠᠯ ᠤᠨ ᠳᠦᠷᠰᠦ ᠪᠠᠶᠢᠳᠠᠯ ᠢ ᠪᠥᠬᠦ ᠲᠠᠯ᠎ᠠ ᠪᠠᠷ ᠢᠯᠡᠷᠡᠭᠦᠯᠦᠭᠰᠡᠨ ᠪᠠᠶᠢᠨ᠎ᠠ᠃ ᠡᠬᠦᠨ ᠤ ᠲᠠᠷᠠᠭ᠎ᠠ᠂ ᠬᠢᠨᠠᠭᠴᠢ ᠶᠢᠨ ᠵᠢᠭᠰᠠᠭᠠᠯ ᠤᠨ ᠡᠩᠨᠡᠭᠡ᠂ ᠡᠯ᠎ᠡ ᠰᠤᠮᠤ ᠪᠠᠯᠭᠠᠰᠣᠨ ᠤ ᠲᠥᠯᠥᠭᠡᠯᠡᠭᠴᠢᠳ ᠤᠨ ᠡᠩᠨᠡᠭᠡ᠂ ᠡᠯ᠎ᠠ ᠭᠠᠵᠠᠷ ᠠᠴᠠ ᠬᠦᠷᠦᠯᠴᠠᠨ ᠢᠷᠡᠭᠰᠠᠨ ᠵᠤᠭᠠᠴᠠᠭᠰᠠᠳ  ᠤᠨ ᠡᠩᠨᠡᠭᠡ ᠵᠡᠷᠭᠡ  ᠲᠠᠯᠠᠪᠠᠢ ᠳᠤ ᠣᠷᠣᠵᠤ  ᠂  ᠤᠷᠤᠨ ᠨᠤᠳᠤᠭ ᠤᠨ ᠤᠨᠴᠠᠯᠢᠭᠳᠣ ᠰᠣᠶᠤᠯ ᠵᠠᠩᠰᠢᠯ ᠵᠢᠴᠢ ᠤᠷᠠᠨ ᠰᠠᠶᠢᠬᠠᠨ ᠤ ᠲᠤᠭᠯᠠᠯᠳᠠ ᠨᠢ ᠬᠤᠷᠠᠭᠰᠠᠨ ᠤᠯᠠᠨ ᠤ ᠪᠠᠨ ᠪᠠᠭ᠋ᠠᠷᠬᠠᠯ ᠢ ᠳᠠᠳᠠᠭᠰᠠᠨ  ᠪᠠᠶᠢᠨ᠎ᠠ᠃   ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂  ᠠᠯᠤᠰ ᠤᠨ ᠮᠤᠷᠢᠨ ᠤ ᠤᠷᠤᠯᠳᠣᠭᠠᠨ᠂ 15ᠺᠢᠯᠤᠮᠧᠲᠷ ᠤᠨ ᠬᠦᠴᠦᠨ ᠵᠠᠯᠭᠠᠬᠤ ᠣᠷᠣᠯᠳᠣᠭᠠᠨ᠂  ᠣᠷᠭᠠᠨ ᠮᠤᠷᠢᠨ ᠤ ᠣᠷᠠᠨ ᠡᠷᠬᠢᠯᠳᠡ᠂ ᠮᠣᠷᠢ ᠪᠠᠨ ᠬᠥᠲᠥᠯᠵᠦ ᠰᠠᠭᠠᠳ ᠳᠠᠪᠠᠭ᠋ᠤ ᠤᠷᠤᠯᠳᠤᠭᠠᠨ᠂ ᠨᠠᠮᠨᠠᠭ᠎ᠠ᠂ ᠭᠠᠩᠭᠠᠩ ᠬᠦᠯᠦᠭ ᠤᠨ ᠰᠢᠯᠭᠠᠷᠠᠭᠤᠯᠤᠯᠳᠠ ᠪᠠ ᠡᠮᠨᠢᠭ ᠰᠤᠷᠭᠠᠬᠤ ᠤᠷᠤᠯᠳᠤᠭᠠᠨ ᠵᠡᠷᠭᠡ ᠤᠷᠤᠯᠳᠤᠭᠠᠨ  ᠮᠦᠷᠦᠶᠢᠴᠠᠬᠡᠨ ᠢ ᠲᠤᠬᠢᠷᠠᠭᠤᠯᠤᠭᠰᠠᠨ ᠤ ᠬᠠᠮᠲᠤ᠂ ᠤᠯᠠᠨ ᠲᠦᠷᠦᠯ ᠤᠨ ᠵᠤᠭᠠᠴᠠᠯ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠪᠣᠯᠣᠨ ᠰᠣᠶᠣᠯ ᠵᠤᠭᠠᠴᠠᠯ ᠤᠨ ᠣᠨᠴᠠᠯᠢᠭᠲᠤ ᠲᠠᠸᠠᠷ ᠤᠨ ᠳᠡᠯᠭᠡᠨ ᠪᠣᠷᠤᠯᠠᠭᠤᠯᠭ᠎ᠠ ᠶᠢ ᠲᠣᠬᠢᠷᠠᠭᠤᠯᠵᠤ᠂ ᠵᠤᠭᠠᠴᠠᠭᠰᠠᠳ ᠲᠤ ᠲᠠᠯ᠎ᠠ ᠨᠤᠲᠤᠭ ᠤᠨ ᠵᠠᠩ ᠦᠢᠯᠡ ᠶᠢᠨ ᠰᠣᠶᠣᠯ ᠂ ᠠᠮᠲᠠᠲᠤ ᠢᠳᠡᠭᠡᠨ  ᠪᠠ ᠣᠷᠣᠨ ᠨᠤᠲᠤᠭ ᠤᠨ ᠣᠨᠴᠠᠯᠢᠭᠲᠤ ᠲᠠᠸᠠᠷ ᠢ ᠦᠢᠯᠠᠭᠠᠭᠤᠯᠤᠭᠰᠠᠨ ᠪᠠᠶᠢᠨ᠎ᠠ᠃
   2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠤᠷᠤᠯᠳᠤᠭᠠᠨ 5 ᠰᠠᠷ᠎ᠠ ᠶᠢᠨ 19 ᠤ ᠡᠳᠦᠷ ᠦᠪᠡᠳᠡᠭᠰᠢ ᠶᠡᠭᠡ ᠪᠠᠷ ᠡᠬᠢᠯᠡᠵᠦ᠂ 6 ᠰᠠᠷ᠎ᠠ ᠶᠢᠨ 13 ᠤ ᠡᠳᠦᠷ ᠰᠤᠮᠤ ᠪᠠᠯᠭᠠᠰᠤᠨ ᠤ ᠲᠠᠰ ᠤᠨ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠴᠦ᠂ 26 ᠡᠳᠦᠷ ᠤᠨ ᠬᠤᠭᠤᠴᠠᠭᠠᠨ ᠳᠤ ᠡᠯ᠎ᠡ ᠰᠤᠮᠤ ᠪᠠᠯᠭᠠᠰᠤ᠂ ᠭᠠᠴᠠᠭ᠎ᠠ ᠨᠢ 18 ᠤᠳᠠᠭᠠᠨ ᠤ ᠤᠷᠤᠯᠳᠤᠭᠠᠨ ᠢ ᠶᠠᠪᠤᠭᠳᠠᠭᠤᠯᠤᠨ᠂ ᠬᠠᠮᠤᠭ ᠡᠴᠦᠰ ᠲᠤ ᠬᠤᠰᠢᠭᠤ ᠳᠡᠰ ᠤᠨ ᠠᠯᠤᠰ ᠤᠨ ᠮᠣᠷᠢᠨ ᠤ ᠤᠷᠤᠯᠳᠤᠭᠠᠨ ᠳᠤ ᠣᠷᠣᠯᠴᠠᠬᠤ 30 ᠭᠠᠷᠤᠢ ᠬᠤᠷᠳᠤᠨ ᠬᠥᠯᠥᠭ ᠪᠣᠯᠣᠨ ᠬᠤᠰᠢᠭᠤ ᠳᠡᠰ ᠤᠨ ᠪᠤᠤᠭᠢᠶ᠎ᠠ ᠤᠷᠤᠯᠳᠤᠭᠠᠨ ᠳᠤ ᠣᠷᠣᠯᠴᠠᠬᠤ ᠬᠠᠮᠲᠤ ᠨᠢᠭᠡᠴᠡ ᠶᠢ ᠰᠢᠯᠭᠠᠷᠠᠭᠤᠯᠤᠨ᠂ ᠤᠷᠤᠯᠳᠤᠭᠠᠨ ᠳᠤ ᠣᠷᠣᠯᠴᠠᠬᠤ ᠡᠷᠬᠡ ᠶᠢ ᠣᠯᠭᠤᠭᠰᠠᠨ ᠪᠠᠶᠢᠨ᠎ᠠ᠃    ᠲᠤᠰ ᠤᠳᠠᠭᠠᠨ ᠤ ᠠᠵᠢᠯᠯᠠᠭ᠎ᠠ ᠨᠢ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠲᠠᠯ᠎ᠠ ᠨᠤᠲᠤᠭ ᠤᠨ ᠰᠣᠶᠣᠯ ᠤᠨ ᠭᠦᠨ ᠵᠤᠵᠠᠭᠠᠨ ᠠᠭᠤᠯᠬᠤᠨ ᠢ ᠨᠡᠩ ᠤᠯᠠᠨ ᠬᠥᠮᠥᠰ ᠲᠤ ᠣᠶᠢᠯᠠᠭᠠᠭᠤᠯᠤᠭᠰᠠᠨ ᠪᠠᠶᠢᠨ᠎ᠠ᠃    ᠣᠶᠢᠷ᠎ᠠ ᠶᠢᠨ ᠵᠢᠯ ᠂ ᠪᠠᠷᠠᠭᠤᠨ ᠦᠵᠦᠮᠦᠴᠢᠨ ᠬᠤᠰᠢᠭᠤ ᠨᠢ ᠠᠳᠤᠭᠤᠨ ᠤ ᠠᠵᠤ ᠦᠢᠯᠡᠰ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠢᠳ ᠬᠤᠵᠢᠳ 800 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠤᠭᠤ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠭᠰᠠᠨ ᠮᠦᠷᠳᠠᠬᠡᠨ ᠡᠨᠡ ᠵᠢᠯ᠂ ᠪᠠᠷᠠᠭᠤᠨ ᠦᠵᠦᠮᠦᠴᠢᠨ ᠬᠤᠰᠢᠭᠤ ᠨᠢ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠴᠠᠭᠠᠨ ᠠᠳᠤᠭᠤᠨ ᠤ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠲᠣᠰ ᠭᠠᠵᠠᠷ ᠤᠨ ᠢᠶᠠᠨ ︽PONY ᠮᠣᠷᠢ︾ ᠶᠢ ᠪᠤᠶᠢᠵᠢᠭᠤᠯᠤᠨ᠂ ᠠᠳᠤᠭᠤᠨ ᠰᠣᠶᠣᠯ ᠤᠨ ᠡᠵᠡᠩᠨᠡᠯᠲᠡ ᠶᠢᠨ ᠬᠡᠪ ᠪᠠᠶᠢᠳᠠᠯ ᠢ ᠪᠠᠶᠠᠯᠢᠭᠵᠢᠭᠤᠯᠤᠨ᠂ ᠵᠢᠭᠤᠯᠴᠢᠯᠠᠭᠴᠢᠳ ᠲᠤ ᠡᠯᠪᠡᠭ ᠪᠠᠶᠠᠯᠢᠭ ᠣᠯᠠᠨ ᠶᠠᠩᠵᠤ ᠶᠢᠨ᠂ ᠨᠠᠩ ᠥᠨᠳᠥᠷ ᠶᠠᠰᠤ ᠴᠢᠨᠠᠷ ᠲᠠᠢ ᠮᠣᠷᠢᠨ ᠮᠡᠷᠭᠡᠵᠢᠯ ᠤᠨ ᠣᠶᠢᠯᠠᠭᠠᠯᠲᠠ ᠪᠠ ᠰᠣᠶᠣᠯ ᠤᠨ ᠰᠤᠳᠤᠯᠤᠨ ᠰᠤᠷᠤᠯᠴᠠᠬᠤ ᠲᠣᠬᠢᠶᠠᠯ  ᠬᠠᠩᠭᠠᠬᠤ ᠪᠠᠷ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号