︽ᠨᠠᠮ ᠤᠨ ᠠᠴᠢ ᠳᠤ ᠲᠠᠯᠠᠷᠬᠠᠨ᠂ ᠨᠠᠮ ᠢᠶᠠᠨ ᠲᠠᠭᠠᠨ ᠡᠷᠡᠯᠬᠡᠭᠯᠡᠨ ᠤᠷᠤᠭᠰᠢᠯᠠᠵᠤ᠂ ᠰᠡᠳᠭᠢᠯ ᠢᠶᠠᠨ ᠨᠢᠭᠡᠳᠬᠡᠨ ᠪᠥᠯᠬᠦᠮᠳᠡᠯ ᠤᠨ ᠴᠡᠴᠡᠭᠡᠰ ᠢ ᠳᠡᠯᠭᠡᠷᠡᠭᠦᠯᠦᠰᠦᠭᠦᠢ︾ ᠭᠤᠥᠯ ᠰᠡᠳᠦᠪᠲᠦ ᠬᠠᠭᠤᠴᠢᠨ ᠭᠡᠷᠡᠯ ᠵᠢᠷᠤᠭ ᠪᠠ ᠭᠠᠷ ᠤᠷᠠᠯᠠᠯ ᠤᠨ ᠪᠥᠲᠥᠭᠡᠯ ᠤᠨ ᠠᠳᠠᠯᠢᠳᠬᠠᠨ ᠰᠢᠯᠭᠠᠷᠠᠭᠤᠯᠤᠯᠲᠠ ᠲᠡᠭᠦᠰ ᠠᠮᠵᠢᠯᠲᠡ ᠲᠠᠢ ᠥᠨᠳᠦᠷᠯᠡᠪᠡ
ᠨᠡᠶᠢᠲᠡᠯᠡᠭᠰᠡᠨ ᠴᠠᠭ᠄
2024/6/24
    6 ᠰᠠᠷ᠎ᠠ ᠶᠢᠨ 20 ᠤ ᠡᠳᠦᠷ᠂ ᠵᠢᠷ ᠤᠨ ᠭᠤᠥᠯ ᠪᠠᠯᠭᠠᠰᠤᠨ ᠤ  ︽ᠨᠠᠮ ᠤᠨ ᠠᠴᠢ ᠳᠤ ᠲᠠᠯᠠᠷᠬᠠᠨ᠂ ᠨᠠᠮ ᠢᠶᠠᠨ ᠳᠠᠭᠠᠨ‌ᠡᠷᠡᠯᠬᠡᠭᠯᠡᠨ ᠤᠷᠤᠭᠰᠢᠯᠠᠵᠤ᠂ ᠰᠡᠳᠭᠢᠯ ᠢᠶᠠᠨ ᠨᠢᠭᠡᠳᠬᠡᠨ ᠪᠥᠯᠬᠦᠮᠳᠡᠯ ᠤᠨ ᠴᠡᠴᠡᠭᠡᠰ ᠢ ᠳᠡᠯᠭᠡᠷᠡᠭᠦᠯᠦᠰᠦᠭᠦᠢ︾ ᠭᠤᠥᠯ ᠰᠡᠳᠦᠪᠲᠦ ᠬᠠᠭᠤᠴᠢᠨ ᠭᠡᠷᠡᠯ ᠵᠢᠷᠤᠭ ᠪᠠ ᠭᠠᠷ ᠤᠷᠠᠯᠠᠯ ᠤᠨ ᠪᠥᠲᠥᠭᠡᠯ ᠤᠨ ᠠᠳᠠᠯᠢᠳᠬᠠᠨ ᠰᠢᠯᠭᠠᠷᠠᠭᠤᠯᠤᠯᠲᠠ   ᠨᠢ ᠵᠢᠷ ᠤᠨ ᠭᠤᠥᠯ ᠪᠠᠯᠭᠠᠰᠤᠨ ᠤ ᠪᠥᠬᠦ ᠠᠷᠠᠳ ᠤᠨ ᠪᠡᠶ᠎ᠡ ᠲᠠᠮᠢᠷ ᠤᠨ ᠲᠥᠪ ᠲᠤ ᠲᠡᠭᠦᠰ ᠠᠮᠵᠢᠯᠲᠡ ᠲᠠᠢ ᠥᠨᠳᠦᠷᠯᠡᠪᠡ᠃
        ᠲᠤᠰ ᠠᠵᠢᠯᠯᠠᠭ᠎ᠠ ᠳᠤ ᠪᠥᠲᠥᠭᠡᠯ ᠤᠨ ᠳᠡᠯᠭᠡᠨ ᠦᠵᠡᠭᠦᠯᠦᠯᠭᠡ ᠳᠣᠬᠢᠷᠠᠭᠤᠯᠵᠦ᠂ ᠰᠢᠯᠭᠠᠷᠠᠭᠤᠯᠬᠤ ᠺᠤᠮᠢᠰ ᠤᠨ ᠰᠦᠯᠵᠢᠶᠡᠨ ᠭᠠᠳᠠᠨᠠᠬᠢ ᠰᠢᠯᠭᠠᠷᠠᠭᠤᠯᠤᠯᠲᠠ ᠪᠠᠷ ᠳᠠᠮᠵᠢᠵᠤ᠂ ᠭᠠᠷ ᠤᠷᠠᠯᠠᠯ ᠤᠨ ᠪᠥᠲᠥᠭᠡᠯ ᠠᠴᠠ ᠨᠢᠭᠡᠳᠦᠭᠡᠷ ᠳᠡᠰ ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠡ᠂ ᠭᠤᠷᠪᠠᠳᠤᠭᠠᠷ ᠳᠡᠰ ᠲᠤ 3 ᠨᠡᠷ᠎ᠡ ᠲᠤᠳᠤᠷᠠᠵᠤ᠂ ᠬᠠᠭᠤᠴᠢᠨ ᠵᠢᠷᠤᠭ ᠰᠡᠭᠦᠳᠡᠷ ᠠᠴᠠ ︽ᠬᠠᠮᠤᠭ ᠶᠡᠭᠡ ᠲᠡᠤᠬᠡᠲᠦ ᠠᠴᠢ ᠬᠤᠯᠪᠤᠭᠳᠠᠯ ᠲᠠᠢ ᠱᠠᠩᠨᠠᠯ︾ 1 ᠨᠡᠷ᠎ᠡ᠂  ︽ᠬᠠᠮᠤᠭ ᠶᠡᠭᠡ ᠳᠤᠷᠠᠰᠬᠠᠯ ᠤᠨ ᠠᠴᠢ ᠬᠤᠯᠪᠤᠭᠳᠠᠯ ᠲᠠᠢ ᠱᠠᠩᠨᠠᠯ﹀﹀ 1 ᠨᠡᠷ᠎ᠡ᠂  ︿︿ᠬᠠᠮᠤᠭ ᠶᠡᠭᠡ ᠬᠤᠷᠢᠶᠠᠨ ᠬᠠᠳᠠᠭᠠᠯᠠᠬᠤ ᠥᠷᠲᠡᠭ ᠲᠠᠢ ᠱᠠᠩᠨᠠᠯ  ︾ 1 ᠨᠡᠷ᠎ᠡ᠂ ︽ᠬᠠᠮᠤᠭ ᠶᠡᠭᠡ ᠨᠥᠯᠥᠭᠡᠯᠡᠬᠦ ᠬᠦᠴᠦᠨ ᠲᠠᠢ ᠱᠠᠩᠨᠠᠯ  ︾ 1 ᠨᠡᠷ᠎ᠡ᠂  ︽ᠣᠨᠴᠠ ᠬᠤᠪᠢ ᠨᠡᠮᠡᠷᠢ ᠦᠵᠡᠭᠦᠯᠦᠭᠰᠡᠨ ᠱᠠᠩᠨᠠᠯ  ︾ 5 ᠨᠡᠷ᠎ᠡ ᠲᠡᠷᠢᠭᠦᠨ ᠤ ᠬᠤᠪᠢ ᠬᠥᠮᠥᠨ ᠢ ᠲᠤᠰᠪᠤᠷᠢ ᠰᠢᠯᠭᠠᠷᠠᠭᠤᠯᠪᠠ᠃     ᠲᠤᠬᠠᠢ ᠶᠢᠨ ᠲᠠᠯᠠᠪᠤᠷ ᠲᠤ᠂ ︽ ᠬᠥᠬᠡ ᠮᠤᠩᠭᠤᠯ ᠨᠤᠲᠤᠭ  ︾—ᠰᠢ᠊᠂ ᠵᠠᠭᠠᠨ᠎ᠠ ᠶᠢᠨ ᠭᠡᠷᠡᠯ ᠵᠢᠷᠤᠭ ᠤᠨ ᠳᠡᠯᠭᠡᠨ ᠦᠵᠡᠭᠦᠯᠦᠯᠭᠡ  ᠵᠡᠷᠬᠡᠪᠠᠷ ᠶᠠᠪᠤᠭᠳᠠᠪᠠ᠃ ᠰᠢ᠊᠂ ᠵᠠᠭᠠᠨ᠎ᠠ  ᠪᠣᠯ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠥᠯ ᠪᠠᠯᠭᠠᠰᠤᠨ ᠤ ᠬᠥᠭᠵᠢᠯᠲᠦ ᠭᠠᠴᠠᠭᠠᠨ ᠤ ᠤᠤᠭᠠᠯ᠂ ᠤᠳᠤᠬᠠᠨ ᠳᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠳᠠᠭᠤᠤ ᠬᠥᠭᠵᠢᠮ ᠤᠨ ᠪᠠᠭᠰᠢ ᠪᠠᠷ ᠠᠵᠢᠯᠯᠠᠵᠤ ᠪᠠᠶᠢᠬᠤ  ᠮᠥᠷᠲᠡᠭᠡᠨ ᠮᠥᠨ ᠴᠦ ᠪᠠᠷᠠᠭᠤᠨ ᠦᠵᠦᠮᠦᠴᠢᠨ ᠬᠤᠰᠢᠭᠤᠨ ᠤ ᠭᠡᠷᠡᠯ ᠵᠢᠷᠤᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠶᠢᠨ ᠡᠭᠦᠷᠭᠡ ᠲᠤᠰᠢᠶᠠᠯ ᠢ ᠡᠭᠦᠷᠭᠡᠯᠡᠵᠦ ᠪᠠᠶᠢᠨ᠎ᠠ᠃ᠤᠯᠤᠰ ᠤᠷᠤᠨ ᠤ ᠳᠡᠰ ᠤᠨ ᠣᠯᠠᠨ ᠲᠥᠷᠥᠯ ᠤᠨ ᠱᠠᠩᠨᠠᠯ ᠬᠥᠬᠢᠭᠦᠯᠦᠯ ᠢᠶᠠᠷ ᠡᠩᠭᠡᠷ ᠢᠶᠠᠨ ᠮᠢᠯᠢᠶᠠᠯᠭᠠᠵᠤ᠂ ᠨᠡᠶᠢᠲᠡ ᠤᠯᠠᠨ ᠳᠠᠭᠠᠨ ᠮᠡᠳᠡᠷᠡᠭᠳᠡᠵᠦ ᠶᠠᠪᠤᠵᠤ ᠪᠠᠶᠢᠭ᠎ᠠ ᠶᠤᠮ᠃  
 
     ᠲᠤᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠬᠠᠷᠢᠶ᠎ᠠ ᠤᠷᠤᠨ ᠤ ᠥᠷᠭᠡᠨ ᠤᠯᠠᠨ ᠨᠠᠮ ᠤᠨ ᠬᠡᠰᠢᠭᠦᠨ ᠺᠠᠳ᠋ᠷ ᠤᠯᠠᠨ ᠲᠥᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠦ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ ᠰᠠᠨᠠᠭᠠᠴᠢᠯᠭᠠᠲᠦ ᠤᠬᠠᠮᠰᠠᠷ᠂ ᠣᠷᠣᠯᠴᠠᠬᠤ ᠤᠬᠠᠮᠰᠠᠷ ᠪᠠ ᠤᠬᠠᠭᠤᠯᠬᠤ ᠤᠬᠠᠮᠰᠠᠷ ᠢ ᠤᠯᠠᠮ ᠴᠢᠨᠠᠭᠰᠢᠲᠠ ᠬᠥᠭᠵᠢᠭᠦᠯᠵᠦ᠂ ᠬᠠᠷᠢᠶ᠎ᠠ ᠤᠷᠤᠨ ᠤ ᠦᠨᠳᠦᠰᠦᠲᠡᠨ ᠨᠦᠭᠦᠳ ᠤᠨ ᠤᠯᠠᠨ ᠲᠥᠮᠡᠨ ᠤ ᠴᠠᠭ ᠢᠮᠠᠭᠲᠠ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠲᠠᠭᠠᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠵᠤ ᠴᠢᠳᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号