ᠬᠠᠤᠯᠢ ᠪᠣᠰᠣ ᠪᠠᠷ ᠠᠵᠢᠯ ᠬᠠᠷᠰᠢᠯᠠᠬᠤ ᠶᠢ ᠬᠤᠷᠢᠭᠯᠠᠨ᠎ᠠ
ᠨᠡᠶᠢᠲᠡᠯᠡᠭᠰᠡᠨ ᠴᠠᠭ᠄
2024/6/24
       ᠣᠲᠣ ᠶᠠᠭ ᠬᠡᠷᠡᠭᠵᠢᠭᠦᠯᠵᠦ ᠪᠠᠶᠢᠭ᠎ᠠ ᠵᠢᠶᠠᠩᠰᠤ ᠶᠢᠨ ᠡᠨᠧᠷᠭᠢ ᠶᠢᠨ ᠤᠯᠠᠭᠠᠢ ᠴᠠᠬᠢᠯᠭᠠᠨ ᠦᠢᠯᠡᠳᠪᠦᠷᠢ᠂ ᠪᠠᠶᠠᠨᠬᠤᠸᠠ ᠶᠢᠨ ᠶᠢᠨ ᠱᠠᠨ ᠴᠠᠬᠢᠯᠭᠠᠨ ᠦᠢᠯᠡᠳᠪᠦᠷᠢ ᠶᠢᠨ 500 ᠺᠢᠯᠤᠸᠤᠯᠲ ᠤᠨ ᠴᠠᠬᠢᠯᠭᠠᠨ ᠬᠦᠷᠭᠡᠬᠦ ᠢᠨᠵᠧᠨᠧᠷᠢᠩ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠮᠠᠨ ᠤ ᠬᠤᠰᠢᠭᠤ ᠲᠤᠬᠠᠢ ᠶᠢᠨ ᠲᠠᠯᠠᠪᠤᠷ ᠲᠤᠨᠢ ᠵᠣᠬᠢᠴᠠᠭᠤᠯᠬᠤ ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢ ᠭᠦᠨᠵᠡᠭᠡᠢ ᠥᠷᠨᠢᠭᠦᠯᠦᠨ᠂ ᠠᠵᠢᠯ ᠤᠨ ᠪᠥᠬᠦ ᠶᠠᠪᠤᠴᠠ ᠳᠤ ᠵᠣᠬᠢᠴᠠᠭᠤᠯᠤᠨ ᠦᠢᠯᠡᠴᠢᠯᠡᠬᠦ ᠠᠵᠢᠯ ᠢ ᠰᠠᠶᠢᠲᠤᠷ ᠬᠢᠵᠦ ᠪᠣᠢ᠃ ᠭᠡᠲᠡᠯ᠎ᠡ᠂ 6 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ ᠴᠠᠬᠢᠯᠭᠠᠨ ᠲᠣᠣᠷ ᠤᠨ ᠠᠵᠢᠯ ᠤᠨ ᠠᠩᠭᠢ ᠪᠠᠶᠠᠨᠬᠤᠸᠠ ᠪᠠᠯᠭᠠᠰᠤᠨ ᠤ ᠠᠯᠲᠠᠨᠬᠢᠩᠭᠠᠨ ᠭᠠᠴᠠᠭᠠᠨ ᠳᠤ ᠠᠵᠢᠯ ᠭᠦᠢᠴᠡᠳᠬᠡᠵᠦ ᠪᠠᠶᠢᠬᠤ ᠳᠤ ᠨᠢᠭᠡ ᠮᠠᠯᠴᠢᠨ ᠲᠤᠬᠠᠢ ᠶᠢᠨ ᠲᠠᠯᠠᠪᠤᠷ ᠲᠤ ᠢᠷᠡᠵᠦ ᠠᠵᠢᠯ ᠬᠢᠬᠦ ᠶᠢ ᠬᠤᠷᠢᠭᠯᠠᠵᠤ᠂ ᠶᠣᠰᠣ ᠪᠤᠰᠤ ᠱᠠᠭᠠᠷᠳᠠᠯᠭ᠎ᠠ ᠳᠤᠷᠠᠳᠤᠨ᠂ ᠠᠵᠢᠯ ᠤᠨ ᠠᠩᠭᠢ ᠶᠢᠨ ᠠᠵᠢᠯ ᠥᠷᠨᠢᠭᠦᠯᠬᠦ ᠶᠢ ᠬᠠᠷᠰᠢᠯᠠᠭᠰᠠᠨ ᠪᠠᠶᠢᠨ᠎ᠠ᠃ ᠲᠤᠬᠠᠢ ᠶᠢᠨ ᠲᠠᠯᠠᠪᠣᠷ ᠲᠤᠨᠢ ᠵᠣᠬᠢᠴᠠᠭᠤᠯᠬᠤ ᠠᠵᠢᠯᠯᠠᠬᠤ ᠳᠤᠭᠤᠶᠢᠯᠠᠩ ᠨᠢ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠣᠯᠠᠨᠲᠠ ᠬᠢᠭᠰᠡᠨ ᠴᠤ ᠲᠤᠰᠠ ᠭᠠᠷᠤᠭᠰᠠᠨ ᠦᠭᠡᠢ ᠲᠤᠯᠠ᠂ ᠬᠠᠤᠯᠢ ᠶᠣᠰᠣᠭᠠᠷ ᠲᠤᠬᠠᠢ ᠶᠢᠨ ᠬᠥᠮᠥᠨ ᠳᠤ ᠮᠡᠳᠡᠭᠳᠡᠬᠦ ᠶᠢᠨ ᠵᠡᠷᠭᠡᠪᠡᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤᠷᠠᠨ ᠬᠥᠳᠡᠯᠦᠯᠴᠡᠵᠦ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ ᠠᠵᠢᠯ ᠬᠠᠷᠰᠢᠯᠠᠭᠰᠠᠨ ᠮᠠᠯᠴᠢᠨ ᠢ ᠴᠠᠭ ᠲᠤᠬᠠᠢ ᠳᠤᠨᠢ ᠵᠢᠮᠡᠯᠡᠨ ᠴᠡᠭᠡᠷᠯᠡᠭᠦᠯᠵᠦ᠂ ᠲᠡᠭᠦᠨ ᠢ  ᠵᠠᠷᠯᠢᠭᠳᠠᠨ ᠠᠵᠢᠯ ᠬᠠᠷᠰᠢᠯᠠᠭᠰᠠᠨ ᠦᠢᠯᠡ ᠠᠵᠢᠯᠯᠠᠭ᠎ᠠ ᠶᠢ ᠨᠢ ᠳᠠᠷᠤᠶᠢᠬᠠᠨ ᠵᠣᠭᠰᠣᠭᠠᠪᠠ᠃  ᠡᠨᠡᠬᠦ ᠠᠵᠢᠯ ᠬᠠᠷᠰᠢᠯᠠᠭᠰᠠᠨ ᠬᠡᠷᠡᠭ ᠢ ᠴᠠᠭ ᠲᠤᠬᠠᠢ ᠳᠤᠨᠢ ᠪᠦᠲᠦᠮᠵᠢᠲᠡᠶ ᠰᠢᠢᠳᠪᠦᠷᠢᠯᠡᠵᠦ᠂ ᠣᠳᠣᠬᠠᠨ ᠳᠤ ᠠᠵᠢᠯ ᠤᠨ ᠠᠩᠭᠢ ᠨᠢ ᠬᠡᠪ ᠤᠨ ᠶᠣᠰᠣᠭᠠᠷ ᠠᠵᠢᠯᠯᠠᠵᠤ ᠪᠠᠶᠢᠨ᠎ᠠ᠃        ᠥᠷᠭᠡᠨ ᠤᠯᠠᠨ ᠠᠷᠠᠳ ᠲᠦᠮᠡᠨ ᠳᠤ ᠲᠥᠪ ᠴᠢᠩᠭ᠎ᠠ ᠪᠠᠷ ᠰᠠᠨᠠᠭᠤᠯᠬᠤ ᠨᠢ᠄ ᠨᠢᠭᠡ ᠳᠤ᠂ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠢ ᠬᠠᠷᠰᠢᠯᠠᠬᠤ ᠨᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠵᠤ ᠠᠬᠤᠢ ᠶᠢᠨ ᠬᠤᠬᠢᠷᠠᠯ ᠤᠴᠠᠷᠠᠭᠤᠯᠵᠤ᠂ ᠤᠯᠤᠰ ᠤᠨ ᠭᠤᠣᠯᠳᠠᠯᠭ᠎ᠠ ᠲᠠᠢ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠬᠦᠨᠳᠦ ᠨᠣᠴᠢᠲᠠᠢ ᠨᠥᠯᠥᠭᠡᠯᠡᠬᠦ ᠪᠣᠯᠣᠨ᠎ᠠ᠃ ᠡᠶᠢᠮᠦ ᠠᠴᠠ ᠶᠠᠮᠠᠷᠪᠠ ᠨᠢᠭᠡᠴᠢ ᠪᠠ ᠬᠤᠪᠢ ᠬᠥᠮᠥᠨ ᠶᠠᠮᠠᠷᠪᠠ ᠰᠢᠯᠲᠠᠭ ᠪᠠ ᠠᠷᠭ᠎ᠠ ᠬᠡᠯᠪᠡᠷᠢ ᠪᠠᠷ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠬᠡᠪ ᠤᠨ ᠡᠮᠬᠢ ᠵᠢᠷᠤᠮ ᠲᠠᠢ ᠪᠠᠷ ᠠᠵᠢᠯ ᠥᠷᠨᠢᠭᠦᠯᠬᠦ ᠶᠢ ᠬᠠᠷᠰᠢᠯᠠᠬᠤ ᠶᠢ ᠴᠢᠩᠭ᠎ᠠ ᠬᠤᠷᠢᠭᠯᠠᠨ᠎ᠠ᠃ ᠬᠤᠶᠠᠷ ᠲᠤ᠂ ᠶᠠᠮᠠᠷᠪᠠ ᠬᠥᠮᠥᠨ  ᠲᠥᠷᠥᠯ ᠵᠦᠢᠯ ᠤᠨ ᠠᠵᠢᠯ ᠤᠨ ᠲᠣᠭᠤᠷᠢᠭ ᠲᠤ ᠬᠠᠤᠯᠢ ᠲᠣᠭᠲᠠᠭᠠᠯ ᠠᠴᠠ ᠵᠥᠷᠢᠴᠡᠭᠰᠡᠨ ᠶᠠᠮᠠᠷ ᠨᠢᠭᠡᠨ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢᠨ ᠦᠶᠯᠡ ᠠᠵᠢᠯᠯᠠᠭ᠎ᠠ ᠶᠢ ᠬᠢᠵᠦ ᠪᠣᠯᠬᠤ ᠦᠭᠡᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠦᠶᠯᠡ ᠠᠵᠢᠯᠯᠠᠭ᠎ᠠ ᠶᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠨ᠎ᠡ᠂ ᠪᠠᠶᠢᠳᠠᠯ ᠨᠢ ᠬᠦᠨᠳᠦ ᠨᠣᠴᠢᠲᠠᠢ ᠪᠣᠯ ᠬᠠᠤᠯᠢ ᠶᠣᠰᠣᠭᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃ ᠭᠤᠷᠪᠠ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠣᠰ ᠪᠡᠶ᠎ᠡ ᠶᠢᠨ ᠠᠰᠢᠭ ᠲᠤᠰᠠ ᠨᠢ ᠬᠤᠬᠢᠷᠠᠯ ᠳᠤ ᠤᠴᠠᠷᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠠᠷᠭ᠎ᠠ ᠵᠠᠮ ᠢᠶᠠᠷ ᠰᠢᠢᠳᠪᠦᠷᠢᠯᠡᠬᠦ ᠬᠡᠷᠡᠭᠲᠡᠢ᠂ ᠲᠥᠷᠥᠯ ᠵᠦᠢᠯ ᠤᠨ ᠬᠡᠪ ᠤᠨ ᠠᠵᠢᠯ ᠢ ᠳᠤᠷ᠎ᠠ ᠪᠠᠷ ᠢᠶᠠᠨ ᠬᠠᠷᠰᠢᠯᠠᠵᠤ ᠪᠣᠯᠬᠤ ᠦᠭᠡᠢ᠃       ᠡᠯ᠎ᠡ ᠭᠠᠴᠠᠭᠠᠨ ᠤ ︽ᠡᠭᠦᠷ ᠵᠥᠪᠯᠡᠯ︾ ᠨᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠢᠳᠡᠪᠬᠢᠲᠡᠢ ᠰᠠᠶᠢᠲᠤᠷ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠬᠠᠷᠢᠶ᠎ᠠ ᠣᠷᠣᠨ ᠤ ᠪᠠᠨ ᠮᠠᠯᠵᠢᠬᠤ ᠡᠷᠦᠬᠡ ᠶᠢ ᠱᠠᠭᠠᠷᠳᠠᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠮᠵᠢᠯᠴᠠᠭᠤᠯᠵᠤ᠂ ᠶᠣᠰᠣ ᠪᠤᠰᠤ ᠭᠤᠮᠣᠳᠠᠯ ᠱᠠᠭᠠᠷᠳᠠᠯᠭ᠎ᠠ ᠳᠤᠷᠠᠳᠬᠤ᠂ ᠠᠵᠢᠯ ᠰᠠᠭᠠᠲᠠᠭᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ ᠬᠠᠤᠯᠢ ᠲᠣᠭᠲᠠᠭᠠᠯ ᠢ ᠵᠥᠷᠢᠴᠡᠨ ᠪᠠᠷᠢᠯᠭ᠎ᠠ ᠪᠠᠷᠢᠬᠤ ᠵᠡᠷᠭᠡ ᠦᠶᠯᠡ ᠠᠵᠢᠯᠯᠠᠭ᠎ᠠ ᠭᠠᠷᠬᠤ ᠶᠢ ᠡᠷᠡᠰ ᠬᠤᠷᠢᠭᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃        
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号