︽ᠦᠨᠡᠨᠴᠢ ᠢᠲᠡᠭᠡᠮᠵᠢᠲᠡᠢ ᠪᠠᠷᠠᠭᠤᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ︾ ᠶᠢᠨ ᠠᠵᠢᠯ ᠤᠨ ᠳᠡᠭᠡᠷ᠎ᠡ ᠬᠠᠭᠠᠰ ᠵᠢᠯ ᠤᠨ ᠠᠵᠢᠯ ᠤᠨ ᠲᠤᠭ᠎ᠠ ᠪᠠᠷᠢᠮᠳᠠ
ᠨᠡᠶᠢᠲᠡᠯᠡᠭᠰᠡᠨ ᠴᠠᠭ᠄
2024/6/24
    ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ᠂ ᠢᠲᠡᠭᠡᠮᠵᠢ ᠶᠢᠨ ᠰᠡᠷᠭᠦᠭᠡᠯᠲᠡ ᠶᠢᠨ ᠠᠵᠢᠯ ᠢ ᠢᠳᠡᠪᠬᠢᠲᠡᠢ ᠠᠬᠢᠭᠤᠯᠵᠤ᠂ ᠢᠲᠡᠭᠡᠮᠵᠢ ᠶᠢᠨ ᠰᠡᠷᠭᠦᠭᠡᠯᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠢᠲᠡᠭᠡᠮᠵᠢ ᠶᠢᠨ ᠰᠡᠷᠭᠦᠭᠡᠯᠲᠡ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠬᠤᠶᠠᠷ ᠪᠢᠴᠢᠭ ᠢ ᠬᠠᠮᠲᠤ ᠳᠤᠨᠢ ᠬᠦᠷᠭᠡᠬᠦ︾ ᠶᠢ ᠬᠡᠷᠡᠭᠵᠢᠭᠦᠯᠵᠦ᠂ ᠲᠤᠬᠠᠶᠢᠯᠠᠪᠠᠯ ︽ᠵᠠᠰᠠᠭ ᠵᠠᠬᠢᠷᠭᠠᠨ ᠤ  ᠰᠢᠢᠳᠭᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ︾ ᠢ ᠬᠦᠷᠭᠡᠬᠦ ᠶᠢᠨ ᠬᠠᠮᠲᠤ ︽ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠢᠲᠡᠭᠡᠮᠵᠢ ᠶᠢᠨ ᠰᠡᠷᠭᠦᠭᠡᠯᠲᠡ ᠶᠢᠨ ᠮᠡᠳᠡᠭᠳᠡᠯ ᠤᠨ ᠪᠢᠴᠢᠭ︾ ᠢ ᠬᠦᠷᠭᠡᠵᠦ᠂ ᠢᠲᠡᠭᠡᠮᠵᠢ ᠶᠢᠨ ᠰᠡᠷᠭᠦᠭᠡᠯᠲᠡ ᠶᠢᠨ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠠᠬᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠴᠤ ᠢᠲᠡᠭᠡᠮᠵᠢ ᠶᠢ ᠳᠠᠬᠢᠨ ᠪᠣᠶ ᠪᠤᠯᠭᠠᠬᠤ ᠶᠢ ᠠᠬᠢᠭᠤᠯᠪᠠ᠃ ᠣᠳᠣᠬᠠᠨ ᠳᠤ᠂ ︽ᠢᠲᠡᠭᠡᠮᠵᠢ ᠶᠢᠨ ᠳᠤᠮᠳᠠᠳᠤ ᠤᠯᠤᠰ︾ ᠰᠦᠯᠵᠢᠶᠡᠨ ᠳᠡᠭᠡᠷ᠎ᠡ ᠨᠢᠭᠡᠨᠲᠡ 87 ᠵᠤᠷᠪᠤᠰ ᠵᠠᠰᠠᠭ ᠵᠠᠬᠢᠷᠭᠠᠨ ᠤ  ᠰᠢᠢᠳᠭᠡᠯ ᠤᠨ ᠮᠡᠳᠡᠭᠡ ᠵᠠᠩᠭᠢ ᠶᠢ ᠵᠠᠰᠠᠨ ᠳᠠᠭᠤᠰᠬᠠᠵᠤ᠂ ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠰᠢᠰᠲ᠋ᠧᠮ︾ ᠳᠡᠭᠡᠷ᠎ᠡ ᠨᠢᠭᠡᠨᠲᠡ ᠡᠵᠡᠩᠨᠡᠯᠲᠡ ᠶᠢᠨ ᠬᠡᠪ ᠤᠨ ᠪᠤᠰᠤ 187 ᠡᠷᠦᠬᠡ ᠶᠢᠨ ᠨᠡᠷᠡᠰ ᠤᠨ ᠵᠢᠭᠰᠠᠭᠠᠯᠲᠠ ᠶᠢ ᠵᠠᠰᠠᠨ ᠰᠡᠷᠭᠦᠭᠡᠵᠡᠢ᠃ ︽ᠥᠪᠥᠷ ᠮᠣᠩᠭᠤᠯ ᠤᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠰᠣᠩᠭᠤᠬᠤ ᠡᠲᠡᠭᠡᠳ ᠤᠨ ᠭᠠᠷᠴᠠᠭ ︵2.0︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ ︵2.0︶︾ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ  ᠂ ᠣᠳᠣᠬᠠᠨ ᠳᠤ᠂ ᠮᠠᠨ ᠤ ᠬᠤᠰᠢᠭᠤᠨ ᠳᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ 6᠂ ᠦᠨᠡᠨᠴᠢ ᠢᠲᠡᠭᠡᠮᠵᠢ ᠶᠢᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ 742 ᠪᠠᠶᠢᠨ᠎ᠠ᠃     ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂  ᠬᠤᠰᠢᠭᠤ ᠠᠷᠠᠳ ᠤᠨ ᠰᠢᠭᠦᠬᠦ ᠬᠤᠷᠢᠶ᠎ᠠ ᠬᠠᠤᠯᠢ ᠶᠢ ᠴᠢᠩᠭ᠎ᠠ ᠵᠢᠷᠤᠮᠯᠠᠨ ᠭᠦᠢᠴᠡᠳᠬᠡᠬᠦ ᠬᠡᠷᠡᠭ ᠢ ᠰᠢᠢᠳᠪᠦᠷᠢᠯᠡᠵᠦ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ ᠴᠢᠩᠭ᠎ᠠ ᠵᠠᠯᠬᠠᠭᠠᠨ ᠴᠡᠭᠡᠷᠯᠡᠭᠦᠯᠵᠦ᠂  ᠨᠡᠯᠢᠶᠡᠳ ᠰᠠᠶᠢᠨ ᠨᠡᠶᠢᠭᠡᠮ ᠤᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ᠣᠶᠢᠯᠠᠭᠠᠭᠰᠠᠨ ᠢᠶᠠᠷ᠂ 2024 ᠣᠨ ᠤ 1 ᠰᠠᠷ᠎ᠠ ᠠᠴᠠ 2024 ᠣᠨ ᠤ 6 ᠰᠠᠷ᠎ᠠ ᠪᠣᠯᠲᠠᠯ᠎ᠠ᠂  ᠠᠷᠠᠳ ᠤᠨ ᠰᠢᠭᠦᠬᠦ ᠬᠤᠷᠢᠶ᠎ᠠ ᠨᠢ  867 ᠭᠦᠢᠴᠡᠳᠬᠡᠬᠦ ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ᠂ 476 ᠬᠡᠷᠡᠭ ᠢ ᠳᠠᠭᠤᠰᠬᠠᠵᠤ᠂ ᠳᠠᠭᠤᠰᠬᠠᠭᠰᠠᠨ ᠨᠣᠷᠮ᠎ᠠ ᠨᠢ 54.90% ᠳᠤ ᠬᠦᠷᠴᠦ᠂ ᠡᠭᠦᠨ ᠳᠤ ᠭᠦᠢᠴᠡᠳᠬᠡᠵᠦ ᠳᠠᠭᠤᠰᠬᠠᠭᠰᠠᠨ ᠬᠡᠷᠡᠭ ᠤᠨ ᠡᠵᠡᠯᠡᠬᠦ ᠬᠠᠷᠢᠴᠠᠯ ᠨᠢ 47.63% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.10% ᠪᠠᠷ ᠨᠡᠮᠡᠭᠳᠡᠪᠡ᠃ 4 ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ ᠨᠡᠶᠢᠲᠡᠯᠡᠵᠦ᠂ 6 ᠬᠥᠮᠥᠨ ᠢ ᠬᠠᠤᠯᠢ ᠴᠠᠭᠠᠵᠠ ᠪᠠᠷ ᠲᠦᠷ ᠬᠤᠷᠢᠵᠤ᠂ 69 ᠥᠨᠳᠥᠷ ᠬᠡᠷᠡᠭᠯᠡᠭᠡ ᠶᠢ ᠬᠢᠵᠠᠭᠠᠷᠯᠠᠵᠤ᠂ 321 ᠨᠢᠰᠬᠡᠯ ᠢ ᠬᠢᠵᠠᠭᠠᠷᠯᠠᠵᠤ᠂ 240 ᠭᠠᠯᠲᠤ ᠲᠡᠷᠭᠡ ᠶᠢ ᠬᠢᠵᠠᠭᠠᠷᠯᠠᠪᠠ᠃ ᠡᠭᠦᠨ ᠠᠴᠠ ᠭᠠᠳᠠᠨ᠎ᠠ᠂ ᠠᠷᠠᠳ ᠤᠨ ᠰᠢᠭᠦᠬᠦ ᠬᠤᠷᠢᠶ᠎ᠠ ᠠᠴᠠ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ ᠵᠠᠯᠬᠠᠭᠠᠨ ᠴᠡᠭᠡᠷᠯᠡᠭᠦᠯᠬᠦ ᠭᠤᠣᠯ ᠠᠷᠭ᠎ᠠ ᠬᠡᠮᠵᠢᠶ᠎ᠡ ᠬᠢᠭᠡᠳ ᠲᠡᠭᠦᠨ ᠤ ᠠᠰᠢᠭ ᠦᠭᠡᠢ ᠦᠷ᠎ᠡ ᠳ᠋ᠦᠩ ᠵᠢᠴᠢ ᠢᠲᠡᠭᠡᠮᠵᠢ ᠶᠢ ᠰᠡᠷᠭᠦᠭᠡᠬᠦ ᠠᠷᠭ᠎ᠠ ᠬᠡᠮᠵᠢᠶ᠎ᠡ ᠪᠠ ᠠᠷᠭ᠎ᠠ ᠵᠠᠮ ᠢ ᠲᠠᠨᠢᠯᠴᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ  ᠬᠢᠨ ᠢ ᠤᠷᠢᠶᠠᠯᠠᠨ ᠬᠠᠮᠲᠤ ᠪᠠᠷ ᠠᠩᠬᠠᠷᠴᠤ ᠬᠢᠨᠠᠯᠲᠠ ᠲᠠᠯᠪᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠬᠠᠤᠯᠢ ᠴᠠᠭᠠᠵᠠ ᠶᠢᠨ ᠡᠷᠬᠡ ᠰᠦᠷ ᠢ  ᠬᠠᠮᠠᠭᠠᠯᠠᠪᠠ  ᠃    ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ  ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠬᠠᠮᠲᠤᠷᠠᠨ᠂ ᠭᠦᠢᠴᠡᠳᠬᠡᠬᠦ ᠶᠢ ᠲᠡᠪᠴᠢᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ︽ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠠᠮᠲᠤᠷᠠᠨ ᠴᠣᠬᠢᠯᠲᠠ ᠥᠭᠴᠦ ᠰᠢᠭᠦᠨ ᠲᠠᠰᠤᠯᠤᠯᠲᠠ᠂ ᠲᠣᠭᠲᠠᠭᠠᠯᠲᠠ ᠶᠢ ᠭᠦᠢᠴᠡᠳᠬᠡᠬᠦ ᠦᠭᠡᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠠᠮᠲᠤᠷᠠᠭᠰᠠᠨ ᠬᠤᠷᠠᠯ ᠤᠨ ᠳᠦᠷᠢᠮ︾ ᠢ ᠠᠩᠬ᠎ᠠ ᠠᠯᠬᠤᠮ ᠵᠥᠪᠯᠡᠨ ᠲᠣᠭᠲᠠᠭᠠᠵᠤ᠂ ︽ᠰᠢᠭᠦᠨ ᠲᠠᠰᠤᠯᠤᠯᠲᠠ᠂ ᠲᠣᠭᠲᠠᠭᠠᠯᠲᠠ ᠶᠢ ᠭᠦᠢᠴᠡᠳᠬᠡᠬᠦ ᠦᠭᠡᠢ ᠶᠠᠯᠠᠲᠤ ᠠᠵᠢᠯᠯᠠᠭ᠎ᠠ ᠳᠤ ᠬᠠᠮᠲᠤᠷᠠᠨ ᠴᠣᠬᠢᠯᠲᠠ ᠥᠭᠬᠦ ᠠᠯᠪᠠᠨ ᠵᠠᠷ︾ ᠢ ᠨᠡᠶᠢᠲᠡᠯᠡᠪᠡ᠃ ᠰᠢᠭᠦᠨ ᠲᠠᠰᠤᠯᠤᠯᠲᠠ᠂ ᠬᠢᠨᠠᠨ ᠲᠠᠰᠤᠯᠤᠯᠲᠠ ᠶᠢ ᠥᠯᠥ ᠭᠦᠢᠴᠡᠳᠬᠡᠬᠦ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂  ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠯᠦ ᠭᠦᠢᠴᠡᠳᠬᠡᠬᠦ ᠶᠠᠯᠠᠲᠤ ᠬᠡᠷᠡᠭ ᠲᠤ ᠨᠢᠭᠡ ᠤᠳᠠᠭᠠᠨ ᠤ ᠪᠦᠬᠦ ᠲᠠᠯ᠎ᠠ ᠶᠢᠨ  ᠪᠠᠶᠢᠴᠠᠭᠠᠯᠲᠠ ᠬᠢᠵᠦ᠂ ᠬᠤᠯᠪᠣᠭᠳᠠᠯ ᠪᠦᠬᠦᠢ ᠶᠠᠯᠠᠲᠤ ᠬᠡᠷᠡᠭ ᠤᠨ ᠰᠦᠪᠡᠭᠴᠢ ᠶᠢ ᠴᠠᠭ ᠲᠤᠬᠠᠢ ᠳᠤᠨᠢ ᠬᠢᠨᠠᠨ ᠪᠠᠶᠢᠴᠠᠭᠠᠵᠤ᠂ ᠬᠡᠷᠡᠭ ᠪᠣᠯᠭᠠᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠢ ᠨᠢ ᠬᠠᠤᠯᠢ ᠶᠣᠰᠣᠭᠠᠷ ᠬᠡᠷᠡᠭ ᠪᠣᠯᠭᠠᠨ ᠲᠠᠩᠰᠠᠯᠠᠵᠤ ᠲᠤᠷᠰᠢᠨ ᠪᠠᠶᠢᠴᠠᠭᠠᠵᠤ᠂ ᠠᠷᠭ᠎ᠠ ᠪᠦᠬᠦᠨ ᠢ ᠰᠦᠪᠡᠭᠴᠢᠯᠡᠨ ᠭᠡᠷᠡᠴᠢ ᠪᠠᠷᠢᠮᠲᠠ ᠴᠤᠭᠯᠠᠭᠤᠯᠵᠤ᠂ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠶᠠᠯ᠎ᠠ ᠬᠢᠭᠰᠡᠨ ᠰᠡᠵᠢᠭᠯᠡᠯᠲᠡᠢ ᠬᠥᠮᠥᠨ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠭᠦᠢᠴᠡᠳᠬᠡᠬᠦ ᠶᠢ ᠲᠡᠪᠴᠢᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠰᠦᠷᠳᠡᠭᠦᠯᠵᠦ᠂ ᠬᠤᠣᠷᠯᠠᠭᠳᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号