ᠰᠠᠶᠢᠨ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠦᠷᠭᠦᠯᠵᠢᠯᠡᠨ ᠰᠠᠶᠢᠲᠤᠷ | ᠠᠳᠬᠤᠵᠤ᠂ ᠰᠢᠯᠢᠳᠡᠭ ᠡᠭᠦᠯᠳᠡᠷ ᠤᠨ ᠢᠷᠡᠯᠲᠡ ᠶᠢ ᠪᠣᠶᠢᠵᠢᠭᠤᠯᠤᠨ᠂ ᠮᠢᠬᠠᠨ ᠤ ᠦᠬᠡᠷ ᠤᠨ ᠰᠠᠶᠢᠨ ᠡᠭᠦᠯᠳᠡᠷ ᠢ | ᠦᠷᠡᠵᠢᠭᠦᠯᠦᠨ ᠪᠣᠶᠢᠵᠢᠭᠤᠯᠬᠤ ᠠᠵᠢᠯ ᠢ ᠪᠠᠬᠢᠵᠢᠭᠦᠯᠦᠨ ᠠᠬᠢᠭᠤᠯᠬᠤ ᠶᠢᠨ ᠲᠥᠯᠥᠭᠡ᠂ 2024 ᠣᠨ ᠤ 6 ᠰᠠᠷ᠎ᠠ ᠶᠢᠨ | 17 ᠤ ᠡᠳᠦᠷ ᠠᠴᠠ ᠡᠬᠢᠯᠡᠨ᠂ ᠬᠤᠰᠢᠭᠤᠨ ᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠠᠴᠠ ᠲᠤᠰᠬᠠᠢ | ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠠᠶᠢᠮᠠᠭ ᠤᠨ ᠲᠠᠰ ᠤᠨ ᠡᠭᠦᠯᠳᠡᠷ ᠤᠨ ᠦᠬᠡᠷ ᠤᠨ | ᠲᠠᠯᠠᠪᠠᠶ᠂ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ ᠤᠨ ᠲᠤᠭᠤᠯ ᠢ ᠬᠢᠨᠠᠨ ᠲᠣᠭᠲᠠᠭᠠᠬᠤ ᠠᠵᠢᠯ ᠢ ᠦᠷᠨᠢᠬᠦᠯᠪᠡ᠃ | ᠪᠥᠬᠦ ᠬᠤᠰᠢᠭᠤᠨ ᠳᠤ ᠣᠲᠣ ᠠᠶᠢᠮᠠᠭ ᠤᠨ ᠲᠠᠰ ᠤᠨ ᠡᠭᠦᠯᠳᠡᠷ ᠤᠨ ᠦᠬᠡᠷ ᠤᠨ ᠲᠠᠯᠠᠪᠠᠶ᠂ ᠮᠢᠬᠠᠨ ᠤ ᠦᠬᠡᠷ ᠤᠨ | ᠭᠤᠤᠯᠳᠠᠯᠭᠠᠳᠤ ᠰᠦᠷᠦᠭ 40 ᠪᠠᠶᠢᠨ᠎ᠠ᠃ | | ᠲᠤᠰᠬᠠᠢ ᠮᠡᠷᠭᠡᠵᠢᠯ ᠤᠨ ᠠᠵᠢᠯᠲᠠᠳ ᠡᠭᠦᠯᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ | ᠠᠶᠢᠮᠠᠭ ᠤᠨ ᠲᠠᠰ ᠤᠨ ᠡᠭᠦᠯᠳᠡᠷ ᠤᠨ ᠦᠬᠡᠷ ᠤᠨ ᠲᠠᠯᠠᠪᠠᠶ᠂ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠤᠨ 6-9 | ᠰᠠᠷ᠎ᠠ ᠶᠢᠨ ᠬᠤᠭᠤᠴᠠᠭᠠᠨ ᠤ ᠲᠤᠭᠤᠯ ᠳᠤ ᠬᠢᠨᠠᠨ ᠲᠣᠭᠲᠠᠭᠠᠯᠲᠠ ᠬᠢᠵᠦ᠂ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ | ᠦᠨᠢᠶ᠎ᠡ ᠪᠠ ᠲᠤᠭᠤᠯ ᠳᠤ ᠴᠢᠬᠢᠨ ᠲᠡᠮᠳᠡᠭ ᠵᠡᠭᠦᠯᠭᠡᠵᠦ᠂ ᠳᠡᠩᠰᠡᠯᠡᠨ ᠺᠠᠷᠲᠯᠠᠪᠠ᠃ ᠣᠳᠣ ᠪᠣᠯᠲᠠᠯ᠎ᠠ ᠬᠢᠨᠠᠨ | ᠲᠣᠭᠲᠠᠭᠠᠯᠲᠠ ᠳᠤ ᠬᠢᠷᠢ ᠲᠡᠩᠴᠡᠭᠰᠡᠨ ᠲᠤᠭᠤᠯ 159 ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠯ ᠠᠵᠤ ᠠᠬᠤᠢ ᠶᠢᠨ ᠠᠵᠢᠯ ᠤᠨ ᠥᠷᠲᠡᠭᠡ ᠠᠴᠠ ᠡᠭᠦᠯᠳᠡᠷ ᠤᠨ ᠦᠬᠡᠷ | ᠪᠣᠶᠢᠵᠢᠭᠤᠯᠬᠤ ᠶᠢ ᠬᠢᠨᠠᠨ ᠲᠣᠭᠲᠠᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠮᠢᠬᠠᠨ ᠤ ᠦᠬᠡᠷ ᠤᠨ ᠰᠠᠶᠢᠨ | ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠢ ᠠᠬᠢᠭᠤᠯᠵᠤ᠂ ᠮᠠᠨ ᠤ ᠬᠤᠰᠢᠭᠤᠨ ᠤ ᠮᠢᠬᠠᠨ ᠤ ᠦᠬᠡᠷ ᠤᠨ ᠠᠵᠤ | ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠳᠤ | ᠪᠠᠲᠤ ᠪᠠᠬᠢ ᠰᠠᠭᠤᠷᠢ ᠲᠠᠯᠪᠢᠨ᠎ᠠ᠃ | |