ᠨᠢᠭᠡ ᠬᠥᠮᠥᠨ ᠤ ᠤᠬᠠᠭᠠᠨ ᠬᠦᠷᠬᠦ ᠦᠭᠡᠢ ᠬᠤᠶᠠᠷ ᠬᠥᠮᠥᠨ ᠤ ᠤᠬᠠᠭᠠᠨ ᠪᠠᠷᠠᠬᠤ ᠦᠭᠡᠢ
ᠨᠡᠶᠢᠲᠡᠯᠡᠭᠰᠡᠨ ᠴᠠᠭ᠄
2024/6/25
    ᠨᠢᠭᠡ ᠬᠥᠮᠥᠨ ᠤ ᠤᠬᠠᠭᠠᠨ ᠬᠦᠷᠬᠦ ᠦᠭᠡᠢ᠂ ᠬᠤᠶᠠᠷ ᠬᠥᠮᠥᠨ ᠤ ᠤᠬᠠᠭᠠᠨ ᠪᠠᠷᠠᠬᠤ ᠦᠭᠡᠢ ᠭᠡᠵᠦ ᠮᠠᠨᠠᠶᠢᠬᠢᠨ ᠶᠠᠷᠢᠳᠠᠭ᠃ ᠬᠤᠷᠰᠢᠵᠤ ᠬᠤᠯᠪᠣᠭᠠᠯᠠᠭᠰᠠᠨ ᠠᠴᠠ ᠬᠤᠯᠠ ᠶᠢᠨ ᠤᠬᠠᠭᠠᠨ ᠭᠠᠷᠴᠤ᠂ ᠵᠠᠮ ᠨᠡᠭᠡᠭᠡᠭᠳᠡᠳᠡᠭ ᠨᠢ ᠦᠨᠡᠨ ᠶᠤᠮ᠃ ᠮᠠᠯᠴᠢᠳ ᠮᠠᠨᠢ ᠴᠠᠭ ᠦᠶ᠎ᠡ ᠶᠢᠨ ᠬᠥᠭᠵᠢᠯᠲᠡ᠂ ᠮᠠᠯᠵᠢᠬᠤ ᠦᠢᠯᠡᠳᠪᠦᠷᠢᠯᠡᠯ ᠤᠨ ᠱᠠᠭᠠᠷᠳᠠᠯᠭ᠎ᠠ ᠶᠢ ᠳᠠᠭᠠᠭᠠᠳ ᠬᠤᠷᠰᠢᠵᠤ ᠬᠤᠯᠪᠣᠭᠠᠯᠠᠬᠤ ᠶᠢᠨ ᠲᠤᠬᠠᠢ ᠢᠯᠡᠭᠦᠦ ᠪᠤᠳᠤᠵᠦ᠂ ᠬᠡᠳᠦᠨ ᠠᠶᠢᠯ ᠢᠶᠠᠷ ᠢᠶᠠᠨ ᠬᠤᠯᠪᠤᠭᠠᠯᠠᠨ ᠬᠦᠳᠡᠯᠮᠦᠷᠢ ᠬᠦᠴᠦ ᠪᠣᠯᠣᠨ ᠴᠠᠭ ᠲᠤ ᠠᠷᠪᠢᠲᠠᠢ ᠦᠢᠯᠡᠳᠪᠦᠷᠢᠯᠡᠯ ᠡᠵᠡᠩᠨᠡᠯᠲᠡ ᠶᠢᠨ ᠰᠢᠨ᠎ᠡ ᠬᠡᠯᠪᠡᠷᠢ ᠪᠠᠷ ᠠᠵᠢᠯᠯᠠᠵᠠᠭᠠᠬᠤ ᠪᠣᠯᠵᠠᠢ᠃ ᠡᠨᠡ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠳᠠᠭᠠᠤ ᠭᠠᠷᠴᠤ ᠪᠠᠶᠢᠬᠤ ᠨᠢᠭᠡᠨ ᠬᠠᠨᠳᠤᠰᠢ ᠪᠣᠯᠵᠤ᠂ ᠤᠯᠠᠨ ᠭᠠᠵᠠᠷ ᠤᠨ ᠮᠠᠯᠴᠢᠳ ᠬᠠᠮᠲᠤᠷᠠᠵᠤ ᠠᠵᠢᠯᠯᠠᠬᠤ᠂ ᠬᠤᠷᠰᠢᠵᠤ ᠡᠵᠡᠩᠨᠡᠬᠦ ᠪᠠᠷ ᠨᠡᠶᠢᠯᠡᠨ ᠨᠢᠭᠡᠳᠴᠦ ᠪᠠᠶᠢᠭ᠎ᠠ ᠶᠤᠮ᠃ ᠡᠨᠡ ᠨᠢ ᠮᠠᠯᠴᠢᠳ ᠤᠨ ᠴᠠᠭ ᠦᠶ᠎ᠡ ᠪᠠᠨ ᠳᠠᠭᠠᠭᠰᠠᠨ ᠦᠵᠡᠯ ᠤᠬᠠᠮᠰᠠᠷ ᠤᠨ ᠬᠤᠪᠢᠷᠠᠯᠲᠠ ᠪᠠᠶᠢᠵᠤ᠂ ᠤᠯᠠᠨ ᠬᠥᠮᠥᠨ ᠤ ᠤᠬᠠᠭᠠᠨ ᠢᠶᠠᠷ ᠶᠡᠭᠡ ᠶᠢ ᠪᠦᠲᠦᠭᠡᠬᠦ ᠣᠷᠣᠨ ᠵᠠᠢ ᠤᠯᠠᠮ ᠨᠡᠭᠡᠭᠡᠭᠳᠡᠵᠦ ᠦᠢᠯᠡᠳᠪᠦᠷᠢᠯᠡᠯ ᠡᠵᠡᠩᠨᠡᠯᠲᠡ ᠪᠣᠷᠤᠯᠠᠭᠤᠯᠭ᠎ᠠ ᠶᠢᠨ ᠠᠯᠢ ᠠᠯᠢ ᠭᠤᠭᠴᠤᠭ᠎ᠠ ᠨᠢ ᠴᠦ ᠢᠯᠭᠤᠮ ᠪᠣᠯᠵᠤ ᠢᠷᠠᠨ᠎ᠡ᠃         ᠬᠤᠷᠰᠢᠵᠤ ᠬᠤᠯᠪᠣᠭᠠᠯᠠᠭᠰᠠᠨ ᠤ ᠠᠴᠢ ᠪᠠᠷ ᠬᠦᠳᠡᠯᠮᠦᠷᠢ ᠬᠦᠴᠦ ᠬᠦᠷᠦᠯᠴᠡᠭᠡ ᠲᠠᠢ ᠪᠣᠯᠣᠨ᠎ᠠ᠃ ᠮᠠᠯ ᠪᠡᠯᠴᠢᠭᠡᠷ ᠢ ᠡᠷᠦᠭᠡ ᠳᠤ ᠬᠤᠪᠢᠶᠠᠷᠢᠯᠠᠭᠰᠠᠨ ᠠᠴᠠ ᠬᠤᠶᠢᠰᠢ ᠣᠯᠠᠩᠬᠢ ᠮᠠᠯᠴᠢᠨ ᠠᠶᠢᠯ ᠬᠤᠪᠢ ᠪᠠᠨ ᠰᠠᠬᠢᠵᠤ ᠳᠤᠪᠤ ᠪᠠᠨ ᠪᠣᠷᠣᠯᠠᠭᠤᠯᠵᠤ ᠢᠷᠡᠭᠰᠡᠨ᠃ ᠨᠢᠭᠡ ᠠᠶᠢᠯ ᠤᠨ ᠬᠦᠳᠡᠯᠮᠦᠷᠢ ᠬᠦᠴᠦ ᠶᠠᠷᠢᠶᠠᠨ ᠦᠭᠡᠢ ᠬᠢᠵᠠᠭᠠᠷ ᠲᠠᠢ᠃ ᠬᠦᠳᠡᠯᠮᠦᠷᠢ ᠬᠦᠴᠦ ᠬᠦᠷᠦᠯᠴᠡᠬᠦ ᠦᠭᠡᠢ ᠠᠴᠠ ᠪᠣᠯᠵᠤ ᠬᠥᠯᠥᠰᠦᠨ ᠠᠵᠢᠯᠴᠢᠨ ᠬᠥᠯᠥᠰᠦᠯᠡᠬᠦ ᠨᠢ ᠵᠠᠷᠢᠮ ᠮᠠᠯᠴᠢᠨ ᠠᠶᠢᠯ ᠤᠨ ᠤᠯᠠᠨ ᠵᠢᠯ ᠤᠨ ᠵᠤᠷᠰᠢᠯ ᠪᠣᠯᠤᠭᠰᠠᠨ ᠶᠤᠮ᠃ ᠬᠠᠷᠢᠨ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠠᠭᠠᠵᠦ ᠬᠡᠳᠦᠨ ᠡᠷᠦᠭᠡ ᠪᠠᠷ ᠢᠶᠠᠨ ᠬᠠᠮᠲᠤᠷᠠᠵᠤ ᠠᠵᠢᠯᠯᠠᠬᠤ ᠬᠠᠨᠳᠤᠰᠢ ᠭᠠᠷᠤᠭᠰᠠᠨ ᠢᠶᠠᠷ ᠬᠦᠳᠡᠯᠮᠦᠷᠢ ᠬᠦᠴᠦᠨ ᠤ ᠲᠤᠬᠠᠢ ᠰᠠᠨᠠᠭᠠᠰᠢᠷᠠᠬᠤ ᠴᠢᠬᠤᠯᠠ ᠦᠭᠡᠢ ᠪᠣᠯᠣᠨ᠎ᠠ᠃     ᠬᠤᠷᠰᠢᠵᠤ ᠬᠤᠯᠪᠣᠭᠠᠯᠠᠵᠤ ᠠᠵᠢᠯᠯᠠᠪᠠᠯ ᠴᠠᠭ ᠲᠤ ᠮᠠᠰᠢ ᠠᠷᠪᠢᠲᠠᠢ ᠪᠣᠯᠣᠨ᠎ᠠ᠃ ᠬᠡᠳᠦᠨ ᠬᠥᠮᠥᠨ ᠬᠠᠮᠲᠤᠷᠠᠵᠤ ᠠᠵᠢᠯᠯᠠᠭᠰᠠᠨ ᠢᠶᠠᠷ ᠠᠵᠢᠯ ᠬᠤᠷᠳᠤ ᠲᠠᠢ ᠶᠠᠪᠤᠭᠳᠠᠨ᠎ᠠ᠃ ᠬᠡᠨ ᠨᠢᠭᠡ ᠨᠢ ᠭᠠᠳᠠᠭᠰᠢ ᠳᠣᠲᠣᠭᠰᠢ ᠶᠠᠪᠤᠵᠤ ᠰᠠᠭᠤᠬᠤ ᠤᠴᠢᠷ ᠶᠠᠪᠤᠳᠠᠯ ᠲᠠᠢ ᠪᠣᠯᠤᠭᠰᠠᠨ ᠴᠦ ᠠᠵᠢᠯ ᠰᠠᠭᠠᠲᠠᠬᠤ ᠤᠴᠢᠷ ᠭᠠᠷᠬᠤ ᠦᠭᠡᠢ ᠪᠠᠶᠢᠬᠤ ᠪᠣᠯᠣᠨ᠎ᠠ᠃ ᠰᠡᠳᠬᠢᠯ ᠨᠢᠭᠡᠳᠦᠨ ᠬᠠᠮᠲᠤᠷᠠᠭᠰᠠᠨ ᠬᠥᠮᠥᠰ ᠠᠯᠢ ᠪᠤᠯᠬᠤ ᠪᠠᠷ ᠠᠵᠢᠯ ᠢᠶᠠᠨ ᠠᠮᠵᠢᠭᠤᠯᠬᠤ ᠶᠢ ᠪᠤᠳᠤᠵᠦ ᠨᠢᠭᠡᠨ ᠢᠶᠠᠨ ᠵᠣᠷᠢᠭᠵᠢᠭᠤᠯᠤᠨ ᠳᠠᠶᠢᠴᠢᠯᠠᠨ᠎ᠠ᠃         ᠬᠤᠷᠰᠢᠯ ᠬᠠᠮᠲᠤᠷᠠᠯ ᠤᠨ ᠬᠠᠮᠤᠭ ᠤᠨ ᠶᠡᠭᠡ ᠠᠰᠢᠭ ᠲᠤᠰᠠ ᠨᠢ ᠤᠯᠠᠨ ᠬᠥᠮᠥᠨ ᠤ ᠤᠬᠠᠭᠠᠨ ᠢᠶᠠᠷ ᠠᠵᠢᠯᠯᠠᠬᠤ ᠳᠤ ᠪᠠᠶᠢᠳᠠᠭ᠃ ᠨᠢᠭᠡ ᠬᠥᠮᠥᠨ ᠤ ᠤᠬᠠᠭᠠᠨ ᠢᠶᠠᠷ ᠶᠠᠭᠠᠬᠢᠵᠤ ᠪᠤᠳᠤᠭᠠᠳ ᠴᠦ ᠬᠤᠯᠠ ᠶᠠᠪᠤᠳᠠᠭ ᠦᠭᠡᠢ᠃ ᠤᠴᠢᠷ ᠶᠠᠪᠤᠳᠠᠯ ᠤᠨ ᠨᠢᠭᠡ ᠲᠠᠯ᠎ᠠ ᠶᠢ ᠨᠢ ᠪᠤᠳᠤᠵᠦ ᠠᠮᠵᠢᠭᠰᠠᠨ ᠪᠠᠶᠢᠯ᠎ᠠ ᠴᠦ ᠨᠦᠬᠦᠭᠡ ᠲᠠᠯ᠎ᠠ ᠶᠢ ᠨᠢ ᠣᠮᠲᠣᠭᠠᠶᠢᠯᠠᠭᠰᠠᠨ ᠤᠴᠢᠷ ᠵᠥᠩᠳᠡᠭᠡᠨ ᠲᠣᠬᠢᠶᠠᠯᠳᠤᠳᠠᠭ᠃ ᠣᠯᠠᠭᠤᠯᠠ ᠪᠠᠨ ᠨᠢᠭᠡ ᠨᠢ ᠨᠢᠭᠡ ᠶᠢ ᠰᠡᠳᠦᠵᠦ᠂ ᠢᠯᠡᠭᠦᠦ ᠶᠡᠭᠡ ᠶᠢ ᠰᠦᠪᠡᠭᠴᠢᠯᠡᠵᠦ ᠪᠤᠳᠤᠭᠰᠠᠨ ᠢᠶᠠᠷ ᠨᠡᠩ ᠰᠠᠶᠢᠨ ᠦᠷ᠎ᠡ ᠳ᠋ᠦᠩ ᠳᠤ ᠬᠦᠷᠬᠦ ᠪᠣᠯᠣᠮᠵᠢ ᠲᠠᠢ᠃ ᠤᠬᠠᠭᠠᠨ ᠠᠴᠠ ᠤᠬᠠᠭᠠᠨ ᠤᠷᠭᠤᠳᠠᠭ ᠤᠨ ᠵᠢᠮ᠎ᠡ ᠪᠠᠷ ᠨᠢᠭᠡᠨ ᠤ ᠪᠠᠨ ᠬᠡᠯᠡᠭᠰᠡᠨ ᠶᠠᠷᠢᠭᠰᠠᠨ ᠢ ᠴᠠᠭᠠᠰᠢ ᠲᠤᠩᠭᠠᠭᠠᠨ ᠪᠤᠳᠤᠪᠠᠯ ᠵᠥᠪ ᠪᠤᠷᠤᠭᠤ ᠪᠤᠶᠤ ᠥᠪᠡᠷ ᠲᠤ ᠨᠢ ᠲᠣᠬᠢᠷᠠᠬᠤ ᠡᠰᠡᠬᠦ ᠨᠢ ᠢᠯᠭᠠᠷᠠᠵᠤ ᠭᠠᠷᠳᠠᠭ᠃ ᠣᠯᠠᠭᠤᠯᠠ ᠵᠥᠪᠯᠡᠭᠰᠡᠨ ᠠᠴᠠ ᠣᠨᠳᠣᠣ ᠰᠠᠶᠢᠨ ᠠᠷᠭ᠎ᠠ ᠤᠬᠠᠭᠠᠨ ᠣᠯᠳᠠᠬᠤ ᠨᠢ ᠴᠦ ᠵᠥᠩᠳᠡᠭᠡᠨ᠃ ᠥᠪᠡᠷ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤ ᠪᠠᠨ ᠲᠣᠬᠢᠷᠠᠭᠰᠠᠨ᠂ ᠵᠠᠬ᠎ᠠ ᠳᠡᠯᠭᠡᠭᠦᠷ ᠤᠨ ᠣᠳᠣᠬᠢ ᠪᠠᠶᠢᠳᠠᠯ ᠪᠣᠯᠣᠨ ᠬᠥᠭᠵᠢᠯᠲᠡ ᠶᠢᠨ ᠬᠠᠨᠳᠤᠰᠢ ᠲᠠᠢ ᠵᠣᠬᠢᠴᠠᠭᠰᠠᠨ ᠤᠬᠠᠭᠠᠨ ᠢᠶᠠᠷ ᠠᠵᠢᠯᠯᠠᠬᠤ ᠨᠢ ᠤᠷᠳᠤ ᠤᠳᠠᠭᠠᠨ ᠤ ᠶᠠᠪᠤᠬᠤ ᠵᠠᠮ ᠢᠶᠠᠨ ᠲᠣᠭᠲᠠᠭᠠᠬᠤ ᠤᠴᠢᠷ ᠶᠤᠮ᠃         ᠬᠤᠷᠰᠢᠵᠤ ᠬᠠᠮᠲᠤᠷᠠᠬᠤ ᠨᠢ ᠶᠠᠷᠢᠶᠠᠨ ᠦᠭᠡᠢ ᠤᠯᠠᠨ ᠲᠠᠯ᠎ᠠ ᠶᠢᠨ ᠠᠰᠢᠭ ᠲᠠᠢ᠃ ᠭᠡᠬᠦ ᠳᠤ ᠪᠠᠨ ᠬᠡᠨ ᠲᠠᠢ ᠶᠠᠭᠠᠬᠢᠵᠤ ᠬᠠᠮᠲᠤᠷᠠᠬᠤ ᠪᠤᠢ ᠭᠡᠳᠡᠭ ᠢᠶᠠᠨ ᠤᠷᠢᠳᠴᠢᠯᠠᠨ ᠵᠥᠪ ᠪᠤᠳᠤᠵᠦ ᠲᠣᠭᠲᠠᠭᠠᠭᠰᠠᠨ ᠪᠠᠶᠢᠬᠤ ᠬᠡᠷᠡᠭᠲᠡᠢ᠃ ᠬᠠᠮᠲᠤᠷᠠᠪᠠᠯ ᠲᠣᠬᠢᠷᠠᠬᠤ ᠡᠰᠡᠬᠦ᠂ ᠬᠠᠮᠲᠤᠷᠠᠭᠰᠠᠨ ᠤ ᠳᠠᠷᠠᠭ᠎ᠠ ᠠᠵᠢᠯ ᠬᠢᠳᠡᠯ ᠢᠶᠠᠨ ᠬᠡᠷᠬᠢᠨ ᠵᠣᠬᠢᠴᠠᠭᠤᠯᠬᠤ᠂ ᠦᠵᠡᠯ ᠪᠤᠳᠤᠯ ᠨᠢᠭᠡᠳᠴᠦ ᠴᠢᠳᠠᠬᠤ ᠡᠰᠡᠬᠦ ᠤᠯᠠᠨ ᠲᠠᠯ᠎ᠠ ᠶᠢ ᠪᠣᠳᠣᠯᠬᠢᠯᠠᠬᠤ ᠨᠢ ᠬᠠᠮᠲᠤᠷᠠᠬᠤ ᠶᠢᠨ ᠡᠮᠦᠨᠡᠬᠢ ᠪᠡᠯᠡᠳᠬᠡᠯ ᠶᠤᠮᠰᠠᠨ᠃ ᠦᠵᠡᠯ ᠪᠤᠳᠤᠯ ᠨᠢᠭᠡᠲᠡᠢ ᠳᠡᠭᠡᠷ᠎ᠡ ᠦᠢᠯᠡᠳᠪᠦᠷᠢᠯᠡᠯ ᠡᠵᠡᠩᠨᠡᠯᠲᠡ ᠪᠣᠷᠤᠯᠠᠭᠤᠯᠭ᠎ᠠ ᠶᠢᠨ ᠪᠦᠬᠦ ᠭᠤᠭᠴᠣᠭᠠᠨ ᠳᠤ ᠬᠠᠮᠲᠤᠷᠠᠵᠤ ᠳᠡᠶᠢᠯᠬᠦ ᠬᠥᠮᠥᠰ ᠰᠠᠶ᠋ᠢ ᠬᠡᠨ ᠠᠯᠢᠨ ᠳᠤ ᠪᠠᠨ ᠠᠰᠢᠭᠲᠠᠢ ᠦᠷ᠎ᠡ ᠳ᠋ᠦᠩ ᠳᠤ ᠬᠦᠷᠴᠦ ᠴᠢᠳᠠᠬᠤ ᠶᠤᠮ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号