ᠮᠣᠩᠭᠤᠯ ᠠᠳᠤᠭᠤᠨ ᠳᠤ ᠰᠤᠷᠠᠭ ᠵᠠᠩᠭᠢ ᠶᠢᠨ ᠴᠠᠬᠢᠮ ᠢᠯᠲᠠᠰᠤ ᠰᠠᠭᠤᠯᠭᠠᠪᠠ
ᠨᠡᠶᠢᠲᠡᠯᠡᠭᠰᠡᠨ ᠴᠠᠭ᠄
2024/6/25
    ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤ ᠶᠢᠨ ᠡᠷᠬᠡᠳᠤᠡᠤᠪᠤᠭ᠎ᠠ ᠭᠠᠴᠠᠭᠠᠨ ᠤ ᠮᠣᠩᠭᠤᠯ ᠠᠳᠤᠭᠤᠨ ᠤ ᠭᠤᠣᠯᠳᠠᠯᠭᠠᠲᠤ ᠰᠦᠷᠦᠭ ᠤᠨ ᠡᠷᠤᠬᠡ ᠪᠤᠯᠬᠤ ᠲᠦᠮᠡᠨᠵᠢᠷᠭᠠᠯ ᠤᠨ ᠭᠠᠳᠠᠨ᠎ᠠ ᠬᠦᠷ ᠬᠥᠭᠵᠢᠶᠡᠨ ᠪᠣᠯᠵᠤ ᠪᠠᠶᠢᠯ᠎ᠠ᠃ ᠰᠢᠯᠢ ᠶᠢᠨ ᠭᠤᠣᠯ ᠠᠶᠢᠮᠠᠭ ᠤᠨ ᠮᠠᠯ ᠠᠵᠤ ᠠᠬᠤᠢ ᠶᠢᠨ ᠠᠵᠢᠯᠯᠠᠬᠤ ᠦᠷᠳᠡᠭᠡ᠂ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠠᠵᠢᠯᠯᠠᠬᠤ ᠦᠷᠳᠡᠭᠡ ᠶᠢᠨ ᠬᠢᠨ ᠥᠨᠥᠳᠥᠷ ᠳᠡᠳᠡᠨ ᠤ ᠴᠠᠭᠠᠨ ᠠᠳᠤᠭᠤᠨ ᠳᠤ ᠴᠠᠬᠢᠮ ᠢᠯᠲᠠᠰᠤ ᠰᠠᠭᠤᠯᠭᠠᠵᠤ᠂ ᠰᠤᠷᠠᠭ ᠵᠠᠩᠭᠢ ᠶᠢ ᠨᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲᠤᠮ ᠳᠤ ᠣᠷᠣᠭᠤᠯᠵᠤ ᠪᠠᠶᠢᠭ᠎ᠠ ᠨᠢ ᠡᠨᠡ ᠪᠠᠶᠢᠪᠠ᠃           ᠲᠦᠮᠡᠨᠵᠢᠷᠭᠠᠯ᠄ ︽ᠥᠨᠥᠳᠥᠷ ᠮᠠᠨ ᠤ ᠨᠢᠭᠡ ᠠᠵᠢᠷᠭ᠎ᠠ ᠶᠢᠨ 32 ᠴᠠᠭᠠᠨ ᠠᠳᠤᠭᠤᠨ ᠳᠤ ᠴᠠᠬᠢᠮ ᠢᠯᠲᠠᠰᠤ ᠰᠠᠭᠤᠯᠭᠠᠵᠤ᠂ ᠰᠤᠷᠠᠭ ᠵᠠᠩᠭᠢ ᠶᠢ ᠨᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲᠤᠮ ᠳᠤ ᠣᠷᠣᠭᠤᠯᠵᠠᠢ᠂ ᠲᠣᠭᠠᠴᠢᠯᠠᠭᠰᠠᠨ ᠰᠢᠰᠲ᠋ᠧᠮ  ᠳᠡᠭᠡᠨ ᠠᠳᠤᠭᠤᠨ ᠤ ᠦᠨᠳᠦᠰᠦᠨ ᠰᠤᠷᠠᠭ ᠵᠠᠩᠭᠢ ᠶᠢ ᠨᠢ ᠲᠡᠮᠳᠡᠭᠯᠡᠬᠦ ᠪᠠᠷ ᠪᠠᠷᠠᠬᠤ ᠦᠭᠡᠢ ᠪᠠᠰᠠ ᠬᠢᠵᠢᠭ ᠤᠨ ᠲᠠᠷᠢᠯᠭ᠎ᠠ᠂ ᠤᠳᠤᠮ ᠤᠭᠰᠠᠭ᠎ᠠ ᠵᠡᠷᠭᠡ ᠤᠯᠠᠨ ᠰᠤᠷᠠᠭ ᠵᠠᠩᠭᠢ ᠶᠢ ᠪᠦᠷ ᠲᠡᠮᠳᠡᠭᠯᠡᠵᠦ ᠪᠣᠯᠣᠨ᠎ᠠ᠃ ᠥᠨᠥᠳᠥᠷ ᠠᠴᠠ ᠬᠤᠶᠢᠰᠢ ᠮᠠᠨ ᠤ ᠴᠠᠭᠠᠨ ᠠᠳᠤᠭᠤ ᠨᠢ ᠪᠦᠷ ᠪᠡᠶ᠎ᠡ ᠶᠢᠨ ᠦᠨᠡᠮᠯᠡᠯ ᠲᠠᠢ ᠪᠣᠯᠤᠭᠰᠠᠨ ᠰᠢᠤ︾ ᠭᠡᠵᠦ ᠪᠠᠶᠠᠷᠲᠠᠢ ᠶᠠᠷᠢᠯ᠎ᠠ᠃           ᠪᠠᠷᠠᠭᠤᠨ ᠦᠵᠦᠮᠦᠴᠢᠨ ᠬᠤᠰᠢᠭᠤ ᠨᠢᠳᠤᠨᠤᠨ ᠵᠢᠯ ᠠᠴᠠ ᠡᠬᠢᠯᠡᠵᠦ ᠮᠣᠩᠭᠤᠯ ᠠᠳᠤᠭᠤᠨ ᠤ ᠤᠯᠤᠰ ᠤᠨ ᠳᠡᠰ ᠤᠨ ᠬᠠᠮᠠᠭᠠᠯᠠᠯᠲᠠ ᠶᠢᠨ ᠣᠷᠣᠨ ᠤ ᠤᠯᠠᠭᠠᠠᠬᠠᠭᠠᠯᠭ᠎ᠠ ᠰᠤᠮᠤ᠂ ᠪᠠᠶᠠᠨᠬᠤᠸᠠ ᠪᠠᠯᠭᠠᠰᠤ᠂ ᠪᠠᠶᠠᠨᠬᠤᠰᠢᠭᠤ ᠰᠤᠮᠤ ᠵᠡᠷᠭᠡ ᠭᠤᠷᠪᠠᠨ ᠰᠤᠮᠤ ᠪᠠᠯᠭᠠᠰᠤ ᠶᠢᠨ ᠮᠣᠩᠭᠤᠯ ᠠᠳᠤᠭᠤᠨ ᠳᠤ ᠴᠠᠬᠢᠮ ᠢᠯᠲᠠᠰᠤ ᠰᠠᠭᠤᠯᠭᠠᠬᠤ ᠪᠡᠯᠡᠳᠬᠡᠯ ᠠᠵᠢᠯ ᠢᠶᠠᠨ ᠶᠠᠪᠤᠭᠳᠠᠭᠤᠯᠤᠭᠰᠠᠨ ᠰᠠᠭᠤᠷᠢᠨ ᠳᠡᠭᠡᠷ᠎ᠡ ᠡᠨᠡ ᠵᠢᠯ ᠵᠢᠩᠬᠢᠨᠢ ᠪᠠᠷ ᠮᠣᠩᠭᠤᠯ ᠠᠳᠤᠭᠤᠨ ᠤ ᠭᠤᠣᠯᠳᠠᠯᠭᠠᠲᠤ ᠰᠦᠷᠦᠭ ᠤᠨ 43 ᠡᠷᠤᠬᠡ ᠶᠢᠨ 2000 ᠠᠳᠤᠭᠤᠨ ᠳᠤ ᠪᠦᠬᠦᠨ ᠳᠤᠨᠢ ᠴᠠᠬᠢᠮ ᠢᠯᠲᠠᠰᠤ ᠰᠠᠭᠤᠯᠭᠠᠵᠤ᠂ ᠰᠤᠷᠠᠭ ᠵᠠᠩᠭᠢ ᠶᠢ ᠨᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲᠤᠮ ᠳᠤ ᠤᠷᠤᠭᠤᠯᠬᠤ ᠪᠠᠷ ᠪᠣᠯᠵᠠᠢ᠃ ᠲᠦᠮᠡᠨᠵᠢᠷᠭᠠᠯ ᠤᠨ ᠬᠢᠨ ᠪᠣᠯ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲᠤᠮ ᠳᠤ ᠤᠷᠤᠭᠤᠯᠬᠤ ᠠᠵᠢᠯ ᠤᠨ ᠠᠩᠬᠠᠨ ᠤ ᠴᠡᠭ ᠪᠠᠶᠢᠵᠤ᠂ ᠪᠤᠰᠤᠳ 42 ᠡᠷᠤᠬᠡ ᠨᠢ ᠥᠪᠡᠷ ᠤᠨ ᠠᠵᠢᠯ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠵᠦ ᠴᠠᠬᠢᠮ ᠢᠯᠲᠠᠰᠤ ᠰᠠᠭᠤᠯᠭᠠᠬᠤ ᠠᠵᠢᠯ ᠢᠶᠠᠨ ᠦᠷᠭᠦᠯᠵᠢᠯᠡᠭᠦᠯᠬᠦ ᠪᠥᠭᠡᠳ ᠨᠢᠭᠡ ᠰᠠᠷ᠎ᠠ ᠶᠢᠨ ᠬᠤᠭᠤᠴᠠᠭᠠᠨ ᠳᠤ ᠳᠠᠭᠤᠰᠬᠠᠵᠤ᠂ ᠮᠠᠨ ᠤ ᠠᠶᠢᠮᠠᠭ ᠤᠨ ᠤᠯᠤᠰ ᠤᠨ ᠳᠡᠰ ᠤᠨ ᠮᠣᠩᠭᠤᠯ ᠠᠳᠤᠭᠤᠨ ᠤ ᠬᠠᠮᠠᠭᠠᠯᠠᠯᠲᠠ ᠶᠢᠨ ᠣᠷᠣᠨ ᠤ ᠮᠣᠩᠭᠤᠯ ᠠᠳᠤᠭᠤᠨ ᠤ ᠰᠤᠷᠠᠭ ᠵᠠᠩᠭᠢ ᠶᠢᠨ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠬᠤ ᠠᠵᠢᠯ ᠢᠶᠠᠨ ᠪᠡᠶᠡᠯᠡᠭᠦᠯᠬᠦ ᠪᠣᠯᠣᠨ᠎ᠠ᠃           ᠰᠢᠯᠢ ᠶᠢᠨ ᠭᠤᠣᠯ ᠠᠶᠢᠮᠠᠭ ᠤᠨ ᠮᠠᠯ ᠠᠵᠤ ᠠᠬᠤᠢ ᠶᠢᠨ ᠠᠵᠢᠯᠯᠠᠬᠤ ᠥᠷᠲᠡᠭᠡᠨ ᠤ ᠳᠡᠳ᠋ ᠳᠠᠷᠤᠭ᠎ᠠ ᠰᠣᠳᠣᠰᠡᠴᠡᠨ᠄ ︽ᠬᠠᠮᠠᠭᠠᠯᠠᠯᠲᠠ ᠶᠢᠨ ᠣᠷᠣᠨ ᠤ ᠮᠣᠩᠭᠤᠯ ᠠᠳᠤᠭᠤᠨ ᠤ ᠰᠤᠷᠠᠭ ᠵᠠᠩᠭᠢ ᠶᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠬᠤ ᠨᠢ ᠮᠣᠩᠭᠤᠯ ᠠᠳᠤᠭᠤ ᠶᠢ ᠰᠣᠩᠭᠤᠨ ᠪᠣᠶᠢᠵᠢᠭᠤᠯᠬᠤ᠂ ᠬᠠᠮᠠᠭᠠᠯᠠᠬᠤ᠂ ᠲᠡᠷᠡᠴᠢᠯᠡᠨ ᠵᠠᠬ᠎ᠠ ᠳᠡᠯᠭᠡᠭᠦᠷ ᠲᠤ ᠭᠠᠷᠭᠠᠬᠤ ᠳᠤ ᠪᠦᠷ ᠰᠠᠭᠤᠷᠢ ᠰᠤᠷᠠᠭ ᠵᠠᠩᠭᠢ ᠶᠢ ᠬᠠᠩᠭᠠᠵᠤ ᠪᠠᠶᠢᠳᠠᠭ᠂ ᠰᠤᠷᠠᠭ ᠵᠠᠩᠭᠢ ᠪᠠᠨ ᠪᠢᠳᠡ ᠦᠷᠬᠦᠯᠵᠢᠯᠡᠨ ᠨᠡᠮᠡᠵᠦ ᠲᠡᠭᠦᠯᠳᠡᠷᠵᠢᠭᠦᠯᠬᠦ ᠲᠤᠰᠤᠮ ᠮᠣᠩᠭᠤᠯ ᠠᠳᠤᠭᠤ ᠶᠢ ᠰᠣᠩᠭᠤᠨ ᠪᠣᠶᠢᠵᠢᠭᠤᠯᠬᠤ᠂ ᠬᠠᠮᠠᠭᠠᠯᠠᠬᠤ ᠳᠤ ᠤᠯᠠᠮ ᠰᠠᠶᠢᠨ ᠪᠠᠲᠤᠯᠠᠭ᠎ᠠ ᠲᠠᠢ ᠪᠤᠯᠳᠠᠭ︾ ᠭᠡᠵᠦ ᠲᠠᠨᠢᠯᠴᠠᠭᠤᠯᠪᠠ᠃           ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠠᠵᠤ ᠠᠬᠤᠢ ᠶᠢᠨ ᠶᠠᠮᠤᠨ 2008 ᠣᠨ ᠤ 7 ᠰᠠᠷ᠎ᠠ ᠶᠢᠨ 7᠎ ᠤ ᠡᠳᠦᠷ 1058 ᠳ᠋ᠤᠭᠠᠷ ᠲᠣᠭᠠᠲᠤ ᠠᠯᠪᠠᠨ ᠵᠠᠷ ᠨᠡᠶᠢᠲᠡᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤ᠂ ᠤᠯᠠᠭᠠᠠᠬᠠᠭᠠᠯᠭ᠎ᠠ ᠰᠤᠮᠤ ᠪᠣᠯᠣᠨ ᠪᠠᠶᠠᠨᠬᠤᠸᠠ ᠪᠠᠯᠭᠠᠰᠤᠨ ᠳᠤ ᠠᠩᠬᠠᠨ ᠤ ᠪᠦᠯᠦᠭ ᠤᠯᠤᠰ ᠤᠨ ᠲᠠᠰ ᠤᠨ ᠮᠣᠩᠭᠤᠯ ᠠᠳᠤᠭᠤᠨ ᠤ ᠬᠠᠮᠠᠭᠠᠯᠠᠯᠲᠠ ᠶᠢᠨ ᠣᠷᠣᠨ ᠢ ᠪᠠᠶᠢᠭᠤᠯᠤᠭᠰᠠᠨ ᠪᠠᠶᠢᠨ᠎ᠠ᠃ ᠮᠣᠩᠭᠤᠯ ᠠᠳᠤᠭᠤᠨ ᠤ ᠬᠠᠮᠠᠭᠠᠯᠠᠯᠲᠠ ᠶᠢᠨ ᠣᠷᠣᠨ ᠪᠠᠶᠢᠭᠤᠯᠤᠭᠳᠠᠭᠰᠠᠨ ᠠᠴᠠ ᠨᠠᠭᠠᠰᠢ᠂ ᠬᠠᠮᠠᠭᠠᠯᠠᠯᠲᠠ ᠶᠢᠨ ᠣᠷᠣᠨ ᠳᠤ ᠰᠣᠩᠭᠤᠨ ᠪᠣᠶᠢᠵᠢᠭᠤᠯᠬᠤ ᠠᠵᠢᠯ ᠢ ᠥᠷᠨᠢᠭᠦᠯᠵᠦ᠂ ᠰᠢᠯᠢᠳᠡᠭ ᠪᠣᠳᠠᠭᠠᠯᠢ ᠪᠡᠶ᠎ᠡ ᠶᠢ ᠰᠣᠩᠭᠤᠨ ᠮᠣᠩᠭᠤᠯ ᠠᠳᠤᠭᠤ ᠶᠢ ᠰᠣᠩᠭᠤᠨ ᠪᠣᠶᠢᠵᠢᠭᠤᠯᠵᠤ᠂ ᠦᠢᠯᠡᠳᠪᠦᠷᠢᠯᠡᠯ ᠤᠨ ᠴᠢᠳᠠᠪᠬᠢ ᠶᠢ ᠳᠡᠭᠡᠭᠰᠢᠯᠡᠭᠦᠯᠦᠭᠰᠡᠨ ᠤ ᠬᠠᠮᠲᠤ ᠡᠨᠡ ᠵᠢᠯ ᠴᠠᠬᠢᠮ ᠢᠯᠲᠠᠰᠤ ᠰᠠᠭᠤᠯᠭᠠᠵᠤ ᠰᠤᠷᠠᠭ ᠵᠠᠩᠭᠢ ᠶᠢ ᠨᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠠᠷᠭ᠎ᠠ  ᠬᠡᠮᠵᠢᠶ᠎ᠡ ᠶᠢᠨ ᠲᠠᠯ᠎ᠠ ᠪᠠᠷ ᠤᠯᠠᠮ ᠲᠡᠭᠦᠯᠳᠡᠷᠵᠢᠭᠦᠯᠦᠭᠰᠡᠨ ᠪᠠᠶᠢᠨ᠎ᠠ᠃ ᠬᠠᠮᠠᠭᠠᠯᠠᠯᠲᠠ ᠶᠢᠨ ᠣᠷᠣᠨ ᠳᠤ ᠣᠲᠣ 434 ᠡᠷᠦᠬᠡ ᠶᠢᠨ 17409 ᠭᠡᠭᠦᠦ᠂ 1334 ᠠᠵᠢᠷᠭ᠎ᠠ ᠪᠠᠶᠢᠵᠤ᠂ ᠡᠭᠦᠨ ᠳᠤ 43 ᠡᠷᠤᠬᠡ ᠶᠢᠨ ᠮᠣᠩᠭᠤᠯ ᠠᠳᠤᠭᠤᠨ ᠤ ᠭᠤᠣᠯᠳᠠᠯᠭᠠᠲᠤ ᠰᠦᠷᠦᠭ ᠪᠠᠶᠢᠨ᠎ᠠ᠃
 
ᠢᠷᠡᠯᠲᠡ᠄ ᠰᠢᠯᠢ ᠶᠢᠨ ᠭᠣᠣᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号