ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠠᠶᠢᠮᠠᠭ ᠤᠨ ᠲᠠᠰ ᠤᠨ ᠡᠭᠦᠯᠳᠡᠷ ᠤᠨ ᠦᠬᠡᠷ ᠤᠨ ᠲᠠᠯᠠᠪᠠᠶ᠂ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ ᠤᠨ ᠲᠤᠭᠤᠯ ᠬᠢᠨᠠᠨ ᠲᠣᠭᠲᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/6/25
     ᠰᠠᠶᠢᠨ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠦᠷᠭᠦᠯᠵᠢᠯᠡᠨ ᠰᠠᠶᠢᠲᠤᠷ ᠠᠳᠬᠤᠵᠤ᠂ ᠰᠢᠯᠢᠳᠡᠭ ᠡᠭᠦᠯᠳᠡᠷ ᠤᠨ ᠢᠷᠡᠯᠲᠡ ᠶᠢ ᠪᠣᠶᠢᠵᠢᠭᠤᠯᠤᠨ᠂ ᠮᠢᠬᠠᠨ ᠤ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠢ ᠪᠠᠬᠢᠵᠢᠭᠦᠯᠦᠨ ᠠᠬᠢᠭᠤᠯᠬᠤ ᠶᠢᠨ ᠲᠥᠯᠥᠭᠡ᠂ 2024 ᠣᠨ ᠤ 6 ᠰᠠᠷ᠎ᠠ ᠶᠢᠨ 17 ᠤ ᠡᠳᠦᠷ ᠠᠴᠠ ᠡᠬᠢᠯᠡᠨ᠂ ᠬᠤᠰᠢᠭᠤᠨ ᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠠᠴᠠ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠠᠶᠢᠮᠠᠭ ᠤᠨ ᠲᠠᠰ ᠤᠨ ᠡᠭᠦᠯᠳᠡᠷ ᠤᠨ ᠦᠬᠡᠷ ᠤᠨ ᠲᠠᠯᠠᠪᠠᠶ᠂ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ ᠤᠨ ᠲᠤᠭᠤᠯ ᠢ ᠬᠢᠨᠠᠨ ᠲᠣᠭᠲᠠᠭᠠᠬᠤ ᠠᠵᠢᠯ ᠢ  ᠦᠷᠨᠢᠬᠦᠯᠪᠡ᠃ ᠪᠥᠬᠦ ᠬᠤᠰᠢᠭᠤᠨ ᠳᠤ ᠣᠲᠣ ᠠᠶᠢᠮᠠᠭ ᠤᠨ ᠲᠠᠰ ᠤᠨ ᠡᠭᠦᠯᠳᠡᠷ ᠤᠨ ᠦᠬᠡᠷ ᠤᠨ ᠲᠠᠯᠠᠪᠠᠶ᠂  ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ 40 ᠪᠠᠶᠢᠨ᠎ᠠ᠃
     ᠲᠤᠰᠬᠠᠢ ᠮᠡᠷᠭᠡᠵᠢᠯ ᠤᠨ ᠠᠵᠢᠯᠲᠠᠳ ᠡᠭᠦᠯᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠠᠶᠢᠮᠠᠭ ᠤᠨ ᠲᠠᠰ ᠤᠨ ᠡᠭᠦᠯᠳᠡᠷ ᠤᠨ ᠦᠬᠡᠷ ᠤᠨ ᠲᠠᠯᠠᠪᠠᠶ᠂ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠤᠨ 6-9 ᠰᠠᠷ᠎ᠠ ᠶᠢᠨ ᠬᠤᠭᠤᠴᠠᠭᠠᠨ ᠤ ᠲᠤᠭᠤᠯ ᠳᠤ ᠬᠢᠨᠠᠨ ᠲᠣᠭᠲᠠᠭᠠᠯᠲᠠ ᠬᠢᠵᠦ᠂ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠦᠨᠢᠶ᠎ᠡ ᠪᠠ ᠲᠤᠭᠤᠯ ᠳᠤ ᠴᠢᠬᠢᠨ ᠲᠡᠮᠳᠡᠭ ᠵᠡᠭᠦᠯᠭᠡᠵᠦ᠂ ᠳᠡᠩᠰᠡᠯᠡᠨ ᠺᠠᠷᠲᠯᠠᠪᠠ᠃ ᠣᠳᠣ ᠪᠣᠯᠲᠠᠯ᠎ᠠ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠲᠤᠭᠤᠯ 159 ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠯ ᠠᠵᠤ ᠠᠬᠤᠢ ᠶᠢᠨ ᠠᠵᠢᠯ ᠤᠨ ᠥᠷᠲᠡᠭᠡ ᠠᠴᠠ ᠡᠭᠦᠯᠳᠡᠷ ᠤᠨ ᠦᠬᠡᠷ ᠪᠣᠶᠢᠵᠢᠭᠤᠯᠬᠤ ᠶᠢ ᠬᠢᠨᠠᠨ ᠲᠣᠭᠲᠠᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠮᠢᠬᠠᠨ ᠤ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠢ ᠠᠬᠢᠭᠤᠯᠵᠤ᠂ ᠮᠠᠨ ᠤ ᠬᠤᠰᠢᠭᠤᠨ ᠤ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号