ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/6/25
    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠦᠨᠳᠦᠰᠦᠲᠡᠨ ᠤ ᠠᠵᠢᠯ ᠤᠨ ᠲᠠᠯ᠎ᠠ ᠶᠢᠨ ᠬᠠᠤᠯᠢ ᠴᠠᠭᠠᠵᠠ ᠳᠦᠷᠢᠮ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠤᠨᠤᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠢ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠪᠠ᠃ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠬᠠᠤᠯᠢ ᠴᠠᠭᠠᠵᠠ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠣᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃     ︵ᠭᠤᠷᠪᠠ︶ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠱᠠᠭᠠᠷᠳᠠᠵᠦ ᠪᠠᠶᠢᠭᠠᠳ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠯᠳᠤᠯ ᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠪᠠ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠢ ᠵᠣᠬᠢᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠨ᠎ᠠ᠃    ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃    ︵ᠲᠠᠪᠤ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠭᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠪᠠᠶᠢᠴᠠᠭᠠᠯᠲᠠ ᠬᠢᠬᠦ ᠵᠡᠷᠭᠡ ᠶᠠᠪᠤᠳᠠᠯ ᠤᠳ ᠢ ᠵᠣᠬᠢᠶᠠᠨ ᠪᠠᠶᠢᠭᠤᠯᠤᠨ ᠬᠦᠯᠢᠶᠡᠨ ᠠᠪᠤᠨ᠎ᠠ᠃    (ᠵᠢᠷᠭᠤᠭ᠎ᠠ) ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠤᠶᠢᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠠᠵᠢᠯ ᠢ ᠵᠢᠯᠣᠭᠤᠳᠤᠨ᠎ᠠ᠃   ︵ᠲᠤᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠯᠤᠭ᠎ᠠ ᠶᠢᠨ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠤᠷᠤᠯᠴᠠᠨ᠎ᠠ᠃    ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃    ︵ᠶᠢᠰᠦ︶ ᠠᠷᠠᠳ ᠢᠷᠭᠡᠨ ᠤ ᠦᠨᠳᠦᠰᠦᠲᠡᠨ ᠤ ᠪᠦᠷᠢᠯᠳᠦᠭᠦᠨ ᠤ ᠬᠤᠪᠢᠷᠠᠯᠲᠠ ᠳᠤ ᠠᠩᠬᠠᠨ ᠤ ᠬᠢᠨᠠᠯᠲᠠ ᠬᠢᠨ᠎ᠡ᠃    ︵ᠠᠷᠪᠠ︶ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ ᠢ ᠵᠣᠬᠢᠶᠠᠨ ᠪᠠᠶᠢᠭᠤᠯᠬᠤ᠂ ᠨᠤᠲᠠᠯᠠᠬᠤ᠂ ᠮᠡᠳᠡᠭᠦᠯᠬᠦ᠂ ᠬᠢᠨᠠᠨ ᠵᠥᠪᠰᠢᠶᠡᠷᠡᠬᠦ᠂ ᠪᠠᠶᠢᠴᠠᠭᠠᠬᠤ᠂ ᠰᠢᠯᠭᠠᠨ ᠠᠪᠬᠤ ᠵᠡᠷᠭᠡ ᠠᠵᠢᠯ᠃    ︵ᠠᠷᠪᠠᠨ ᠨᠢᠭᠡ︶ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃    ︵ᠠᠷᠪᠠᠨ ᠬᠤᠶᠠᠷ︶  ᠬᠤᠰᠢᠭᠤ  ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠷᠴᠢᠨ ᠲᠣᠭᠤᠷᠢᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠎ᠠ᠃    ︵ᠠᠷᠪᠠᠨ ᠭᠤᠷᠪᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号