ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠡᠭᠦᠷᠭᠡ ᠶᠢ ᠥᠨᠳᠥᠷ ᠪᠦᠲᠦᠮᠵᠢᠲᠡᠶ ᠠᠬᠢᠭᠤᠯᠬᠤ ᠶᠢ ᠦᠨᠡᠨᠬᠦ ᠪᠠᠳᠤᠯᠠᠵᠦ ᠪᠠᠶᠢᠨ᠎ᠠ
ᠨᠡᠶᠢᠲᠡᠯᠡᠭᠰᠡᠨ ᠴᠠᠭ᠄
2024/6/26
     ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠣᠶ ᠰᠢᠭᠤᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠮᠡᠷᠭᠡᠵᠢᠯ ᠤᠨ ᠠᠵᠢᠯᠲᠠᠨ ᠵᠢᠴᠢ ᠬᠢᠨᠠᠨ ᠬᠠᠮᠢᠶᠠᠷᠤᠭᠴᠢᠳ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠤ ᠭᠡᠰᠡᠭ ᠤᠨ ᠡᠷᠳᠡᠨᠢᠪᠤᠯᠠᠭ ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠲᠤᠬᠠᠢ ᠶᠢᠨ ᠲᠠᠯᠠᠪᠤᠷ ᠲᠤ ᠬᠦᠷᠴᠦ ᠪᠠᠷᠢᠯᠭ᠎ᠠ ᠶᠢᠨ ᠵᠦᠢᠯᠡᠰ ᠤᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠮᠡᠷᠭᠡᠵᠢᠯ ᠤᠨ ᠵᠢᠯᠣᠭᠤᠳᠤᠯᠭ᠎ᠠ ᠦᠢᠯᠡᠴᠢᠯᠡᠭᠡ ᠥᠷᠨᠢᠭᠦᠯᠪᠡ᠃
       ᠲᠣᠰ ᠲᠥᠷᠥᠯ ᠵᠦᠢᠯ ᠤᠨ ᠲᠣᠭᠤᠷᠢᠭ ᠤᠨ ᠢᠨᠵᠧᠨᠧᠷᠢᠩ ᠤᠨ ᠡᠭᠦᠷᠭᠡ ᠪᠣᠯ ᠬᠥᠮᠥᠨ ᠤ ᠬᠦᠴᠦ ᠪᠠᠷ 3200 ᠮᠦ ᠡᠪᠡᠰᠦ ᠳᠠᠷᠢᠵᠤ ︵750 ᠮᠦ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠪᠠᠭᠲᠠᠨ᠎ᠠ︶᠂ ᠰᠢᠷ᠎ᠠ ᠪᠤᠷᠭᠠᠰᠤ ᠶᠢ ᠬᠠᠳᠬᠤᠬᠤ ᠠᠷᠭ᠎ᠠ ᠪᠠᠷ ᠡᠯᠡᠰᠦ ᠶᠢ ᠲᠣᠭᠲᠠᠪᠤᠷᠢᠵᠢᠭᠤᠯᠵᠤ᠂ ᠳᠠᠷᠠᠭ᠎ᠠ ᠨᠢ ᠲᠣᠰ ᠭᠠᠵᠠᠷ ᠲᠤ ᠤᠷᠭᠤᠬᠤ ᠳᠤ ᠲᠣᠬᠢᠷᠠᠬᠤ ᠲᠡᠵᠢᠭᠡᠯ ᠡᠪᠡᠰᠦᠨ ᠤ ᠦᠷ᠎ᠡ ᠶᠢ ᠰᠣᠩᠭᠤᠨ᠂ ᠬᠥᠮᠥᠨ ᠤ ᠬᠦᠴᠦ ᠪᠠᠷ ᠳᠠᠷᠢᠵᠤ᠂ ᠨᠢᠭᠡᠨᠲᠡ ᠬᠠᠳᠬᠤᠭᠰᠠᠨ ᠰᠢᠷ᠎ᠠ ᠪᠤᠷᠭᠠᠰᠤ ᠲᠠᠢ ᠬᠠᠮᠲᠤ ᠪᠠᠷ ᠪᠥᠬᠦ ᠲᠠᠯ᠎ᠠ ᠪᠠᠷ ᠵᠠᠰᠠᠬᠤ ᠶᠢ ᠬᠡᠷᠡᠭᠵᠢᠭᠦᠯᠦᠨ᠎ᠡ᠃
   ᠲᠤᠬᠠᠢ ᠶᠢᠨ ᠲᠠᠯᠠᠪᠤᠷ ᠲᠤ᠂ ᠮᠡᠷᠭᠡᠵᠢᠯᠲᠡᠨ ᠠᠴᠠ ᠪᠠᠷᠢᠯᠭ᠎ᠠ ᠶᠢᠨ ᠠᠵᠢᠯᠲᠠᠳ ᠲᠤ ᠬᠥᠮᠥᠨ ᠤ ᠬᠦᠴᠦ ᠪᠠᠷ ᠡᠪᠡᠰᠦ ᠳᠠᠷᠢᠬᠤ ᠠᠵᠢᠯ ᠤᠨ ᠳᠤᠮᠳᠠᠬᠢ ᠠᠩᠬᠠᠷᠬᠤ ᠵᠦᠢᠯᠡᠰ ᠢ ᠨᠠᠷᠢᠨ ᠲᠣᠳᠣᠷᠬᠠᠢ ᠥᠭᠦᠯᠡᠬᠦ ᠶᠢᠨ ᠬᠠᠮᠲᠤ ᠪᠣᠳᠠᠲᠠᠢ ᠪᠣᠯᠪᠠᠰᠤᠷᠠᠯ ᠤᠨ ᠦᠵᠡᠭᠦᠯᠦᠯᠭᠡ ᠬᠢᠵᠡᠢ᠃ ᠪᠠᠶᠢᠴᠠᠭᠠᠬᠤ ᠶᠠᠪᠤᠴᠠ ᠳᠤ᠂ ᠲᠥᠷᠥᠯ ᠵᠦᠢᠯ ᠤᠨ ᠲᠣᠭᠤᠷᠢᠭ ᠤᠨ ᠪᠠᠷᠢᠯᠭ᠎ᠠ ᠶᠢᠨ ᠠᠵᠢᠯ ᠤᠨ ᠬᠠᠷᠢᠭᠤᠴᠠᠯᠭᠠᠲᠠᠨ ᠢ ᠪᠠᠷᠢᠯᠭ᠎ᠠ ᠶᠢᠨ ᠮᠡᠷᠭᠡᠵᠢᠯ ᠤᠨ ᠳᠦᠷᠢᠮ ᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠷᠢᠯᠭ᠎ᠠ ᠶᠢᠨ ᠠᠵᠢᠯᠲᠠᠨ ᠤ ᠪᠡᠶ᠎ᠡ ᠶᠢᠨ ᠠᠮᠤᠷ ᠲᠦᠪᠰᠢᠨ ᠢ ᠪᠠᠲᠤᠯᠠᠨ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠨ᠂ ᠪᠠᠷᠢᠯᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号