ᠥᠨᠥᠳᠥᠷ᠂ ᠠᠮᠢᠳᠤᠷᠠᠯ ᠤᠨ ᠠᠶᠢᠵᠠᠮ ᠲᠦᠷᠭᠡᠰᠴᠦ᠂ ᠠᠵᠢᠯ ᠤᠨ ᠳᠠᠷᠤᠭᠠᠰᠤ ᠨᠡᠮᠡᠭᠳᠡᠨ᠂ ︽ᠬᠡᠲᠦᠷᠡᠲᠡᠯ᠎ᠡ | ᠶᠠᠳᠠᠷᠠᠭᠠᠳ ᠮᠠᠷᠢᠶᠠᠯᠠᠬᠤ︾᠂ ︽ᠬᠡᠲᠦᠷᠡᠲᠡᠯ᠎ᠡ ᠶᠠᠳᠠᠷᠠᠭᠠᠳ ᠮᠠᠨᠠᠷᠠᠬᠤ︾ ᠵᠡᠷᠭᠡ ᠡᠷᠡᠭᠦᠯ ᠮᠡᠨᠳᠦ ᠶᠢᠨ ᠠᠰᠠᠭᠤᠳᠠᠯ ᠴᠤ | ᠶᠠᠪᠤᠬᠤ ᠲᠤᠲᠤᠮ ᠬᠥᠮᠥᠰ ᠤᠨ ᠠᠩᠬᠠᠷᠤᠯ ᠢ ᠲᠠᠲᠠᠵᠤ ᠪᠠᠶᠢᠨ᠎ᠠ᠃ ᠡᠳᠡᠭᠡᠷ ᠢ ᠬᠡᠯᠡᠵᠦ ᠪᠠᠶᠢᠭ᠎ᠠ ᠨᠢ ᠲᠠᠨ ᠢ | ᠠᠶᠤᠯᠭᠠᠬᠤ ᠶᠢᠨ ᠲᠥᠯᠥᠭᠡ ᠪᠢᠰᠢ᠂ ᠬᠠᠷᠢᠨ ᠡᠷᠡᠭᠦᠯ ᠮᠡᠨᠳᠦ ᠶᠢᠨ ᠠᠰᠠᠭᠤᠳᠠᠯ ᠳᠠᠭᠠᠨ ᠵᠥᠪ ᠢᠶᠠᠷ ᠬᠠᠨᠳᠤᠵᠤ᠂ ᠪᠡᠶ᠎ᠡ | ᠮᠠᠬᠠᠪᠤᠳ ᠬᠠᠪᠤ ᠦᠭᠡᠢ ᠪᠣᠯᠤᠭᠰᠠᠨ ᠤ ᠳᠠᠷᠠᠭᠠᠬᠢ ᠳᠣᠬᠢᠶ᠎ᠠ ᠶᠢ ᠡᠷᠲᠡᠬᠡᠨ ᠣᠯᠵᠤ ᠮᠡᠳᠡᠭᠡᠳ ᠬᠤᠷᠳᠤᠬᠠᠨ ᠠᠷᠭ᠎ᠠ | ᠬᠡᠮᠵᠢᠶ᠎ᠡ ᠠᠪᠬᠤ ᠶᠢ ᠰᠠᠨᠠᠭᠤᠯᠤᠶ᠎ᠠ ᠭᠡᠰᠡᠨ ᠶᠤᠮ᠃ ᠲᠡᠭᠡᠪᠡᠯ ᠳᠣᠣᠷᠠᠬᠢ ᠬᠡᠳᠦᠨ ᠰᠡᠷᠡᠮᠵᠢ ᠶᠢᠨ ᠳᠣᠬᠢᠶ᠎ᠠ ᠶᠢ ᠲᠠ | ᠣᠯᠵᠤ ᠮᠡᠳᠡᠭᠰᠡᠨ ᠤᠤ︖ ᠬᠡᠪᠡᠯᠢ ᠶᠢᠨ ᠬᠡᠰᠡᠭ ᠮᠠᠷᠢᠶᠠᠯᠠᠬᠤ᠄ 30 - 50 ᠨᠠᠰᠤᠨ ᠤ ᠬᠥᠮᠥᠨ ᠤ ᠬᠡᠪᠡᠯᠢ ᠶᠢᠨ | ᠬᠡᠰᠡᠭ ᠮᠠᠷᠢᠶᠠᠯᠠᠬᠤ ᠨᠢ ᠦᠷᠭᠦᠯᠵᠢ ᠴᠢᠰᠤᠨ ᠥᠭᠡᠬᠦ ᠥᠨᠳᠥᠷᠵᠢᠬᠦ᠂ ᠡᠯᠢᠭᠡ ᠥᠭᠡᠬᠦᠯᠡᠬᠦ᠂ ᠴᠢᠰᠤᠨ ᠳᠠᠷᠤᠯᠲᠠ | ᠥᠨᠳᠥᠷᠵᠢᠬᠦ ᠪᠠ ᠵᠢᠷᠦᠬᠡᠨ ᠲᠢᠲᠢᠮ ᠤᠨ ᠡᠪᠡᠳᠴᠢᠨ ᠵᠡᠷᠭᠡ ᠲᠠᠢ ᠬᠤᠯᠪᠤᠭ᠎ᠠ ᠲᠠᠢ ᠪᠠᠶᠢᠳᠠᠭ᠃ ᠡᠭᠦᠨ ᠠᠴᠠ ᠭᠠᠳᠠᠨ᠎ᠠ᠂ | ᠭᠡᠳᠡᠰᠦ ᠪᠦᠳᠦᠭᠦᠷᠡᠬᠦ ᠨᠢ ᠪᠠᠰᠠ ᠴᠢᠰᠤᠨ ᠰᠢᠬᠢᠷ ᠬᠡᠪ ᠤᠨ ᠪᠤᠰᠤ᠂ ᠲᠠᠮᠠᠬᠢ ᠲᠠᠲᠠᠬᠤ ᠵᠡᠷᠭᠡ ᠰᠢᠯᠲᠠᠭᠠᠨ ᠪᠠ | ᠢᠳᠡᠭᠡᠨ ᠤᠮᠳᠠᠭᠠᠨ ᠤ ᠮᠠᠭᠤ ᠳᠠᠳᠬᠠᠯ ᠠᠴᠠ ᠪᠣᠯᠤᠭᠰᠠᠨ ᠪᠠᠶᠢᠵᠤ ᠮᠡᠳᠡᠨ᠎ᠡ᠃ ᠬᠡᠵᠢᠬᠡ ᠤᠨᠠᠬᠤ᠄ ᠠᠵᠢᠯ ᠤᠨ | ᠳᠠᠷᠤᠭᠠᠰᠤ ᠨᠡᠮᠡᠭᠳᠡᠬᠦ ᠪᠠ ᠣᠶᠤᠨ ᠰᠠᠨᠠᠭᠠᠨ ᠤ ᠪᠠᠴᠢᠮᠳᠠᠯ ᠠᠴᠠ ᠪᠣᠯᠵᠤ ᠬᠡᠵᠢᠭᠡ ᠤᠨᠠᠳᠠᠭ᠃ ᠡᠭᠦᠨ ᠠᠴᠠ ᠭᠠᠳᠠᠨ᠎ᠠ | ᠪᠠᠰᠠ ᠨᠣᠶᠢᠷ ᠬᠤᠯᠵᠢᠬᠤ ᠡᠰᠡᠬᠦᠯ᠎ᠡ ᠬᠡᠲᠦ ᠣᠷᠣᠢ ᠤᠨᠲᠠᠬᠤ ᠵᠡᠷᠭᠡ ᠨᠢ ᠠᠷᠠᠰᠤᠨ ᠤ ᠥᠭᠡᠬᠦ ᠶᠢᠨ ᠱᠦᠭᠦᠷᠡᠯᠲᠡ ᠶᠢ | ᠨᠡᠮᠡᠭᠳᠡᠭᠦᠯᠵᠦ᠂ ᠥᠭᠡᠬᠦ ᠨᠡᠪᠴᠢᠬᠦ ᠴᠢᠨᠠᠷᠲᠠᠢ ᠦᠰᠦ ᠤᠨᠠᠬᠤ ᠪᠠᠶᠢᠳᠠᠯ ᠢ ᠡᠭᠦᠰᠬᠡᠳᠡᠭ᠃ ᠪᠠᠰᠠ ᠵᠠᠷᠢᠮ ᠦᠷᠭᠦᠯᠵᠢ | ᠲᠣᠬᠢᠶᠠᠯᠳᠤᠳᠠᠭ ᠳᠣᠲᠣᠷ ᠰᠠᠯᠠᠭᠠᠨ ᠤ ᠡᠪᠡᠳᠴᠢᠨ᠂ ᠵᠢᠱᠢᠶᠡᠯᠡᠪᠡᠯ ᠡᠯᠢᠭᠡ ᠪᠥᠭᠡᠷᠡᠨ ᠤ ᠠᠵᠢᠯᠯᠠᠭ᠎ᠠ ᠶᠢᠨ ᠭᠡᠮᠲᠦᠯ | ᠵᠢᠴᠢ ᠪᠠᠮᠪᠠᠢ ᠪᠤᠯᠴᠢᠷᠬᠠᠢ᠂ ᠳᠣᠲᠣᠭᠠᠳᠤ ᠱᠦᠭᠦᠷᠡᠯ ᠵᠡᠷᠭᠡ ᠠᠵᠢᠯᠯᠠᠭ᠎ᠠ ᠶᠢᠨ ᠰᠠᠮᠠᠭᠤᠷᠠᠯ ᠠᠴᠠ ᠪᠣᠯᠵᠤ ᠬᠡᠵᠢᠬᠡ | ᠤᠨᠠᠳᠠᠭ ᠪᠠᠶᠢᠨ᠎ᠠ᠃ ᠰᠢᠭᠡᠰᠦ ᠠᠯᠳᠠᠬᠤ᠄ 30 - 40 ᠨᠠᠰᠤᠨ ᠤ ᠬᠤᠭᠤᠷᠣᠨᠳᠣᠬᠢ ᠬᠥᠮᠥᠨ ᠪᠠᠶᠢᠨ ᠳᠠᠬᠢᠨ | ᠵᠣᠷᠯᠣᠩ ᠳᠤ ᠣᠷᠣᠵᠤ᠂ ᠵᠤᠷᠯᠤᠩ ᠳᠤ ᠣᠷᠣᠬᠤ ᠲᠤᠭ᠎ᠠ ᠨᠢ ᠡᠩ ᠤᠨ ᠬᠥᠮᠥᠨ ᠠᠴᠠ ᠢᠯᠡᠭᠦᠦ ᠪᠠᠶᠢᠬᠤ ᠨᠢ ᠡᠷᠡᠭᠦᠯ | ᠮᠠᠨᠲᠦ ᠶᠢᠨ ᠠᠰᠠᠭᠤᠳᠠᠯ ᠣᠷᠣᠰᠢᠵᠤ ᠪᠠᠶᠢᠭ᠎ᠠ ᠶᠢ ᠨᠢᠭᠡ ᠲᠠᠯ᠎ᠠ ᠠᠴᠠ ᠬᠠᠷᠠᠭᠤᠯᠵᠤ ᠪᠠᠶᠢᠳᠠᠭ᠃ ᠤᠰᠤ ᠠᠷᠪᠢᠨ | ᠤᠤᠭᠤᠬᠤ᠂ ᠦᠷᠪᠢᠰᠦᠯ ᠵᠡᠷᠭᠡ ᠬᠦᠴᠦᠨ ᠵᠦᠢᠯ ᠠᠴᠠ ᠭᠠᠳᠠᠨ᠎ᠠ᠂ ᠣᠶᠤᠨ ᠰᠠᠨᠠᠭᠠᠨ ᠤ ᠳᠠᠷᠤᠯᠲᠠ ᠨᠢ ᠮᠥᠨ ᠴᠦ | ᠪᠠᠶᠢᠨ ᠲᠠᠬᠢᠨ ᠰᠢᠭᠡᠬᠦ ᠶᠢᠨ ᠨᠢᠭᠡᠨ ᠰᠢᠯᠲᠠᠭᠠᠨ ᠪᠣᠯᠣᠨ᠎ᠠ᠂ ᠪᠠᠰᠠ ᠪᠥᠭᠡᠷ᠎ᠡ ᠶᠢᠨ ᠴᠢᠯᠠᠭᠤᠵᠢᠮᠠᠯ ᠪᠤᠶᠤ ᠰᠢᠭᠡᠰᠦ | ᠢᠯᠭᠠᠷᠠᠭᠤᠯᠬᠤ ᠰᠢᠰᠲ᠋ᠧᠮ ᠤᠨ ᠡᠪᠡᠳᠴᠢᠨ ᠠᠴᠠ ᠪᠣᠯᠤᠭᠰᠠᠨ ᠪᠠᠶᠢᠵᠤ ᠮᠡᠳᠡᠨ᠎ᠡ᠃ ᠴᠡᠭᠡᠵᠢᠯᠡᠬᠦ ᠴᠢᠳᠠᠪᠤᠷᠢ | ᠮᠠᠭᠤᠳᠠᠬᠤ᠄ ᠵᠣᠪᠠᠵᠤ ᠪᠤᠬᠢᠨᠢᠳᠤᠬᠤ᠂ ᠨᠣᠶᠢᠷ ᠬᠤᠯᠵᠢᠵᠤ ᠰᠥᠨᠢᠵᠢᠨ ᠰᠠᠭᠤᠬᠤ ᠪᠠ ᠲᠠᠷᠢᠬᠢ ᠪᠠᠨ ᠬᠡᠲᠦᠷᠡᠲᠡᠯ᠎ᠡ | ᠬᠡᠷᠡᠭᠯᠡᠬᠦ ᠵᠡᠷᠭᠡ ᠨᠢ ᠪᠦᠷ ᠴᠡᠭᠡᠵᠢᠯᠡᠬᠦ ᠴᠢᠳᠠᠪᠤᠷᠢ ᠶᠢ ᠳᠣᠷᠣᠶᠢᠲᠠᠭᠤᠯᠳᠠᠭ᠃ ᠡᠭᠦᠨ ᠠᠴᠠ ᠭᠠᠳᠠᠨ᠎ᠠ᠂ ᠪᠡᠶ᠎ᠡ | ᠶᠠᠳᠠᠷᠠᠬᠤ ᠶᠢ ᠳᠠᠭᠠᠯᠳᠤᠨ ᠭᠠᠳᠠᠭᠠᠳᠤ ᠶᠢᠷᠲᠢᠨᠴᠦ ᠶᠢᠨ ᠬᠡᠷᠡᠭ ᠪᠣᠳᠠᠰ ᠢ ᠰᠡᠷᠭᠡᠭ ᠢᠶᠠᠷ ᠲᠠᠨᠢᠬᠤ ᠬᠡᠮᠵᠢᠶ᠎ᠡ ᠨᠢ | ᠪᠠᠭᠤᠷᠠᠵᠤ᠂ ᠴᠡᠭᠡᠵᠢᠯᠡᠬᠦ ᠴᠢᠳᠠᠪᠤᠷᠢ ᠴᠤ ᠮᠠᠭᠤᠳᠠᠳᠠᠭ᠃ ᠴᠡᠭᠡᠵᠢ ᠪᠠᠷ ᠪᠤᠲᠤᠬᠤ ᠴᠢᠳᠠᠪᠤᠷᠢ ᠳᠣᠷᠣᠶᠢᠲᠠᠬᠤ᠄ ᠴᠡᠭᠡᠵᠢᠯᠡᠬᠦ | ᠴᠢᠳᠠᠪᠤᠷᠢ ᠪᠠᠭᠤᠷᠠᠬᠤ ᠲᠠᠢ ᠠᠳᠠᠯᠢ ᠪᠠᠷ᠂ ᠴᠡᠭᠡᠵᠢ ᠪᠠᠷ ᠪᠤᠳᠤᠬᠤ ᠴᠢᠳᠠᠪᠤᠷᠢ ᠶᠢᠨ ᠮᠠᠭᠤᠳᠠᠬᠤ ᠨᠢ ᠴᠦ ᠰᠥᠨᠢᠵᠢᠨ | ᠰᠠᠭᠤᠬᠤ᠂ ᠨᠣᠶᠢᠷ ᠬᠤᠯᠵᠢᠬᠤ ᠵᠡᠷᠭᠡ ᠲᠠᠢ ᠬᠤᠯᠪᠣᠭ᠎ᠠ ᠲᠠᠢ ᠪᠠᠶᠢᠳᠠᠭ᠃ ᠠᠭᠤᠷᠯᠠᠵᠤ ᠳᠣᠭᠰᠢᠷᠠᠬᠤ᠄ ᠡᠨᠡ ᠨᠢ | ᠠᠵᠢᠯ ᠤᠨ ᠳᠠᠷᠤᠭᠠᠰᠤ᠂ ᠠᠮᠢᠳᠤᠷᠠᠯ ᠤᠨ ᠨᠤᠬᠤᠴᠠᠭᠠᠨ ᠠᠴᠠ ᠪᠣᠯᠤᠭᠰᠠᠨ ᠪᠠᠶᠢᠵᠤ ᠮᠡᠳᠡᠨ᠎ᠡ᠃ ᠡᠳᠡᠭᠡᠷ ᠢᠯᠡᠷᠡᠯ | ᠭᠠᠷᠪᠠᠯ ᠴᠠᠭ ᠲᠤᠬᠠᠢ ᠳᠤᠨᠢ ᠥᠪᠡᠷ ᠤᠨ ᠰᠡᠳᠬᠢᠴᠡ ᠪᠠ ᠠᠵᠢᠯᠯᠠᠵᠤ ᠠᠮᠠᠷᠠᠬᠤ ᠴᠠᠭ ᠢᠶᠠᠨ ᠲᠣᠬᠢᠷᠠᠭᠤᠯᠵᠤ᠂ | ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠵᠤ᠂ ᠲᠤᠭᠤᠰᠢᠲᠠᠢ ᠠᠮᠠᠷᠠᠵᠤ ᠪᠣᠯᠣᠨ᠎ᠠ᠃ ᠠᠩᠬᠠᠷᠤᠯ ᠲᠥᠪᠯᠡᠷᠡᠬᠦ ᠦᠭᠡᠢ᠄ ᠡᠨᠡ | ᠨᠢ ᠨᠣᠶᠢᠷ ᠮᠠᠭᠤ ᠠᠴᠠ ᠪᠣᠯᠤᠭᠰᠠᠨ ᠠᠴᠠ ᠭᠠᠳᠠᠨ᠎ᠠ ᠤᠶᠤᠨ ᠰᠠᠨᠠᠭᠠᠨ ᠤ ᠭᠠᠩᠰᠠᠷᠠᠯ ᠲᠠᠢ ᠬᠠᠮᠢᠶ᠎ᠠ ᠲᠠᠢ ᠪᠠᠶᠢᠵᠤ | ᠮᠡᠳᠡᠨ᠎ᠡ᠃ ᠰᠡᠳᠬᠢᠯ ᠤᠨ ᠳᠠᠷᠤᠯᠲᠠ ᠶᠡᠭᠡ ᠪᠣᠯ ᠪᠡᠶ᠎ᠡ ᠴᠦ ᠲᠠᠭᠠᠨ ᠮᠠᠭᠤᠳᠠᠵᠤ᠂ ᠤᠷᠮ᠎ᠠ ᠰᠡᠳᠬᠢᠯᠭᠡ ᠶᠢ | ᠨᠥᠯᠥᠭᠡᠯᠡᠬᠦ ᠪᠠᠷ ᠪᠠᠷᠠᠬᠤ ᠦᠭᠡᠢ ᠬᠥᠮᠥᠰ ᠤᠨ ᠲᠠᠨᠢᠨ ᠮᠡᠳᠡᠬᠦᠢ ᠶᠢ ᠴᠦ ᠨᠥᠯᠥᠭᠡᠯᠡᠳᠡᠭ᠃ ᠡᠶᠢᠮᠦ ᠠᠴᠠ ᠡᠩ ᠤᠨ | ᠠᠮᠢᠳᠤᠷᠠᠯ ᠳᠠᠭᠠᠨ ᠳᠠᠷᠤᠭᠠᠰᠤ ᠪᠠᠨ ᠬᠥᠩᠭᠡᠯᠡᠵᠦ ᠰᠡᠳᠬᠢᠯ ᠢᠶᠠᠨ ᠠᠷᠭᠠᠳᠠᠵᠤ ᠰᠤᠷᠬᠤ ᠨᠢ ᠴᠢᠬᠤᠯᠠ᠃ ᠨᠣᠶᠢᠷ | ᠮᠠᠭᠤᠳᠠᠬᠤ᠄ ᠤᠨᠲᠠᠬᠤ ᠴᠠᠭ ᠤᠯᠠᠮ ᠠᠴᠠ ᠤᠯᠠᠮ ᠣᠬᠤᠷ ᠪᠣᠯᠵᠤ᠂ ᠰᠥᠨᠢ ᠳᠡᠭᠡᠨ ᠤᠨᠲᠠᠬᠤ ᠦᠭᠡᠢ᠂ ᠡᠳᠦᠷ ᠲᠡᠭᠡᠨ | ᠴᠤᠭ ᠰᠦᠯᠳᠡ ᠦᠭᠡᠢ᠃ ᠡᠳᠡᠭᠡᠷ ᠨᠢ ᠪᠦᠷ ᠣᠶᠤᠨ ᠰᠠᠨᠠᠭᠠᠨ ᠤ ᠰᠠᠮᠠᠭᠤᠷᠠᠯ ᠠᠴᠠ ᠪᠣᠯᠵᠠᠢ᠃ ᠣᠶᠤᠨ ᠰᠠᠨᠠᠭᠠᠨ ᠤ | ᠳᠠᠷᠤᠯᠲᠠ ᠶᠡᠭᠡ᠂ ᠰᠠᠨᠳᠤᠷᠤᠯ ᠪᠠᠴᠢᠮᠳᠠᠯ ᠠᠴᠠ ᠪᠣᠯᠵᠤ ᠤᠨᠲᠠᠯᠭ᠎ᠠ ᠶᠢᠨ ᠶᠠᠰᠤ ᠴᠢᠨᠠᠷ ᠳᠣᠷᠣᠭᠰᠢᠯᠠᠨ᠎ᠠ᠃ | ᠤᠨᠲᠠᠬᠤ ᠠᠴᠠ ᠪᠠᠨ ᠡᠮᠦᠨ᠎ᠡ ᠬᠥᠭᠵᠢᠮ ᠰᠣᠨᠣᠰᠴᠤ᠂ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠵᠤ᠂ ᠪᠠᠰᠠ ᠬᠠᠯᠠᠭᠤᠨ | ᠤᠰᠤ ᠪᠠᠷ ᠬᠥᠯ ᠢᠶᠠᠨ ᠳᠡᠪᠲᠦᠭᠡᠬᠦ ᠪᠤᠶᠤ ᠨᠢᠭᠡ ᠴᠣᠮᠣ ᠬᠠᠯᠠᠭᠤᠨ ᠰᠦ ᠤᠤᠭᠤᠵᠤ ᠪᠣᠯᠣᠨ᠎ᠠ᠂ ᠡᠨᠡ ᠨᠢ ᠪᠦᠷ | ᠤᠨᠲᠠᠯᠭ᠎ᠠ ᠳᠤ ᠬᠠᠪᠰᠤᠷᠤᠮᠵᠢ ᠪᠣᠯᠳᠠᠭ᠃ ᠲᠣᠯᠣᠭᠠᠢ ᠡᠪᠡᠳᠴᠦ ᠴᠢᠬᠢ ᠱᠤᠤᠭᠢᠬᠤ᠄ ᠦᠷᠭᠦᠯᠵᠢ ᠶᠢᠨ ᠴᠢᠨᠠᠷᠲᠠᠢ | ᠲᠣᠯᠣᠭᠠᠢ ᠡᠪᠡᠳᠬᠦ᠂ ᠴᠢᠬᠢ ᠱᠤᠤᠭᠢᠬᠤ ᠨᠢ ᠶᠡᠷᠦ ᠳᠡᠭᠡᠨ ᠪᠦᠷ ᠮᠡᠳᠡᠷᠡᠯ ᠤᠨ ᠴᠢᠨᠠᠷᠲᠠᠢ ᠪᠠᠶᠢᠳᠠᠭ᠃ ᠤᠷᠲᠤ | ᠬᠤᠭᠤᠴᠠᠭᠠᠨ ᠤ ᠶᠠᠳᠠᠷᠠᠯ ᠵᠦᠳᠡᠷᠡᠯ᠂ ᠣᠶᠤᠨ ᠰᠠᠨᠠᠭᠠᠨ ᠤ ᠳᠠᠷᠤᠯᠲᠠ ᠶᠡᠭᠡ᠂ ᠤᠨᠲᠠᠬᠤ ᠴᠠᠭ ᠬᠦᠷᠦᠯᠴᠡᠬᠦ ᠦᠭᠡᠢ᠂ | ᠨᠣᠶᠢᠷ ᠮᠠᠭᠤᠳᠠᠬᠤ ᠵᠡᠷᠭᠡ ᠰᠢᠯᠲᠠᠭᠠᠨ ᠠᠴᠠ ᠪᠣᠯᠤᠭᠰᠠᠨ ᠪᠠᠶᠢᠳᠠᠭ ᠶᠤᠮ᠃ ᠶᠡᠷᠦᠩᠬᠡᠢ ᠳᠤᠨᠢ ᠠᠪᠴᠤ ᠬᠡᠯᠡᠪᠡᠯ᠂ | ᠬᠡᠪ ᠤᠨ ᠶᠣᠰᠣᠭᠠᠷ ᠠᠵᠢᠯᠯᠠᠵᠤ ᠠᠮᠠᠷᠠᠨ᠂ ᠢᠳᠡᠭᠡᠨ ᠤᠮᠳᠠᠭᠠᠨ ᠢᠶᠠᠨ ᠰᠠᠶᠢᠲᠤᠷ ᠲᠣᠬᠢᠷᠠᠭᠤᠯᠵᠤ᠂ ᠰᠡᠳᠬᠢᠯ | ᠰᠠᠨᠠᠭ᠎ᠠ ᠪᠠᠨ ᠪᠠᠶᠠᠰᠬᠠᠵᠤ᠂ ᠬᠠᠨᠲᠠᠯ᠎ᠠ ᠤᠨᠲᠠᠬᠤ ᠶᠢ ᠪᠠᠲᠤᠯᠠᠪᠠᠯ ᠳᠡᠭᠡᠷ᠎ᠡ ᠶᠠᠷᠢᠭᠰᠠᠨ ᠡᠳᠡᠭᠡᠷ ᠢᠯᠡᠷᠡᠯ | ᠠᠭᠠᠵᠢᠮ ᠳᠠᠭᠠᠨ ᠠᠷᠢᠯᠬᠤ ᠪᠣᠯᠣᠨ᠎ᠠ᠃ |