ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠠᠰᠠᠭᠤᠳᠠᠯ ᠮᠥᠨ᠂ ᠣᠯᠠᠨ | ᠲᠦᠮᠡᠨ ᠤ ᠵᠣᠯ ᠵᠢᠷᠭᠠᠯ ᠤᠨ ᠰᠡᠳᠬᠢᠭᠳᠡᠯ ᠢ ᠨᠡᠮᠡᠭᠳᠡᠭᠦᠯᠬᠦ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠨᠡᠮᠡᠭᠳᠡᠭᠦᠯᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠬᠤᠰᠢᠭᠤ ᠰᠤᠷᠭᠠᠨ | ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠪᠡᠯᠡ ᠣᠷᠣᠭᠤᠯᠤᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠪᠠᠶᠢᠨ᠎ᠠ᠃ | | | | | | ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠤ ᠶᠢᠨ ᠭᠤᠣᠯ ᠬᠡᠦᠬᠡᠳ ᠤᠨ ᠴᠡᠴᠡᠷᠯᠢᠭ ᠪᠣᠯ | ᠠᠯᠪᠠᠨ ᠠᠴᠠ ᠡᠷᠬᠢᠯᠡᠭᠰᠡᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠪᠣᠯᠣᠨ᠎ᠠ᠃ ᠲᠤᠰ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠨᠢ ᠪᠠᠯᠭᠠᠷᠭᠤᠣᠯ ᠪᠠᠯᠭᠠᠰᠤᠨ ᠤ ᠭᠤᠷᠤᠬᠠᠨ ᠵᠡᠭᠡᠯᠢ ᠶᠢᠨ ᠡᠮᠦᠨᠡᠬᠢ | ᠶᠠᠩ ᠭᠤᠸᠠᠩ ᠪᠠᠭ᠎ᠠ ᠲᠣᠭᠤᠷᠢᠭ ᠠᠴᠠ ᠵᠡᠭᠦᠨ ᠡᠮᠦᠨ᠎ᠡ 300 ᠮᠧᠲᠷ ᠤᠨ ᠭᠠᠵᠠᠷ ᠲᠤ ᠪᠠᠶᠢᠷᠢᠯᠠᠵᠤ᠂ 26446 | ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠪᠠᠷᠢᠯᠭ᠎ᠠ ᠶᠢᠨ ᠲᠠᠯᠠᠪᠠᠢ 8825 ᠲᠡᠭᠰᠢ ᠳᠥᠷᠪᠡᠯᠵᠢᠨ ᠮᠧᠲᠷ ᠪᠠᠶᠢᠵᠤ | ᠂ ᠶᠡᠷᠦᠩᠬᠡᠢ ᠪᠡᠯᠡ ᠣᠷᠣᠭᠤᠯᠤᠯᠲᠠ ᠨᠢ 4586 ᠲᠦᠮᠡᠨ ᠲᠥᠭᠦᠷᠢᠭ ᠲᠤ ᠬᠦᠷᠴᠡᠢ᠃ ᠭᠤᠣᠯ ᠪᠦᠲᠦᠭᠡᠨ | ᠪᠠᠶᠢᠭᠤᠯᠤᠯᠳᠠ ᠳᠤ ᠬᠡᠦᠬᠡᠳ ᠤᠨ ᠬᠢᠴᠢᠶᠡᠯ ᠤᠨ ᠭᠡᠷ᠂ ᠬᠡᠦᠬᠡᠳ ᠤᠨ ᠬᠤᠭᠤᠯᠠᠨ ᠭᠡᠷ᠂ ᠭᠡᠷ ᠤᠨ ᠳᠣᠲᠣᠨ᠎ᠠ | ᠭᠠᠳᠠᠨᠠᠬᠢ ᠠᠵᠢᠯᠯᠠᠭᠠᠨ ᠤ ᠲᠠᠯᠠᠪᠤᠷ ᠵᠡᠷᠭᠡ ᠪᠠᠭᠲᠠᠨ᠎ᠠ᠃ | ᠣᠳᠣᠬᠠᠨ ᠳᠤ᠂ ᠲᠣᠰ ᠲᠥᠷᠥᠯ ᠵᠦᠢᠯ ᠤᠨ ᠪᠠᠷᠢᠯᠭ᠎ᠠ ᠶᠢᠨ 50% ᠶᠢ ᠪᠡᠶᠡᠯᠡᠭᠦᠯᠵᠦ᠂ ᠨᠢᠭᠡᠨᠲᠡ 1416 | ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ | ᠪᠠᠷᠢᠯᠭ᠎ᠠ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠪᠣᠯᠣᠨ᠎ᠠ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ᠂ 450 ᠭᠡᠤᠭᠡᠳ ᠢ ᠪᠠᠭᠲᠠᠭᠠᠬᠤ ᠪᠤᠯᠬᠤᠷ ᠠᠷᠠᠳ ᠣᠯᠠᠨ ᠤ ᠠᠯᠪᠠᠨ ᠠᠴᠠ | ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠭᠡᠤᠭᠡᠳ ᠢᠶᠠᠨ ᠤᠷᠤᠭᠤᠯᠬᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ | ᠰᠢᠢᠳᠪᠦᠷᠢᠯᠡᠨ᠂ ᠪᠠᠯᠭᠠᠰᠤᠨ ᠤ ᠡᠮᠦᠨ᠎ᠡ ᠬᠡᠰᠡᠭ ᠤᠨ ᠬᠡᠦᠬᠡᠳ ᠤᠨ ᠴᠡᠴᠡᠷᠯᠢᠭᠲ᠋ᠦ ᠣᠷᠣᠬᠤ ᠳᠤ ᠲᠥᠬᠦᠮ | ᠦᠵᠡᠭᠦᠯᠵᠦ᠂ ᠣᠯᠠᠨ ᠲᠦᠮᠡᠨ ᠤ ᠭᠡᠷ ᠤᠨ ᠡᠭᠦᠳᠡᠨ ᠳᠠᠬᠢ ︽ᠴᠡᠴᠡᠷᠯᠢᠭ ᠲᠠᠢ᠂ ᠰᠠᠶᠢᠨ ᠴᠡᠴᠡᠷᠯᠢᠭ ᠲᠠᠢ︾ ᠪᠠᠶᠢᠬᠤ | ᠬᠦᠰᠡᠯ ᠢ ᠨᠠᠩ ᠰᠠᠶᠢᠨ ᠬᠠᠩᠭᠠᠵᠤ ᠴᠢᠳᠠᠨ᠎ᠠ᠃ | | |