ᠪᠠᠶᠠᠨᠳᠠᠯ ᠭᠠᠴᠠᠭᠠᠨ ᠤ ᠨᠠᠮ ᠤᠨ ᠡᠭᠦᠷ ︽ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/27
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠪᠠᠶᠠᠨᠳᠠᠯ ᠭᠠᠴᠠᠭᠠᠨ ᠤ ᠨᠠᠮ ᠤᠨ ᠡᠭᠦᠷ ︽ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃      ᠨᠠᠮ ᠤᠨ ᠡᠭᠦᠷ ᠤᠨ ᠱᠦᠵᠢ ᠤᠯᠠᠨ ᠢ ᠳᠠᠭᠠᠭᠤᠯᠤᠨ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠠᠭᠤᠯᠭ᠎ᠠ ᠶᠢ ᠰᠤᠷᠤᠯᠴᠠᠵᠠᠢ᠃
     ᠨᠠᠮ ᠤᠨ ᠡᠭᠦᠷ ᠤᠨ ᠱᠦᠵᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠎ ᠤᠨ ᠠᠭᠤᠯᠭ᠎ᠠ ᠶᠢᠨ ᠲᠣᠭᠤᠷᠢᠨ ᠳᠤ ᠠᠮᠢᠳᠤᠯᠢᠭ ᠰᠠᠶᠢᠬᠠᠨ ᠨᠠᠮ ᠤᠨ ᠬᠢᠴᠢᠶᠡᠯ ᠢ ᠶᠠᠷᠢᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠭ᠎ᠠ ᠶᠢᠨ ᠰᠠᠬᠢᠯᠭ᠎ᠠ ᠪᠠᠲᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃      ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠭᠠᠷ ᠤᠲᠠᠰᠤ ᠪᠠᠷ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢᠨ ᠹᠢᠯᠢᠮ ᠪᠠ ᠲᠣᠭᠠᠴᠢᠯᠠᠭᠰᠠᠨ ᠦᠵᠡᠭᠦᠯᠦᠯᠭᠡ ᠶᠢᠨ ᠣᠷᠳᠣᠨ ᠢ ᠲᠥᠪᠯᠡᠷᠡᠭᠦᠯᠦᠨ ᠦᠵᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠤ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠢᠶᠠᠷ ᠳᠠᠭᠤᠷᠢᠶᠠᠯ ᠪᠣᠯᠭᠠᠵᠤ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠡᠪᠴᠢᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠦᠢᠯᠡᠳᠦᠯᠭᠡ ᠶᠢᠨ ᠳᠤᠮᠳᠠ ᠰᠥᠰᠥ ᠵᠣᠷᠢᠭ ᠪᠠ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠰᠡᠷᠡᠮᠵᠢᠯᠡᠭᠦᠯᠪᠡ᠃
    6 ᠰᠠᠷ᠎ᠠ ᠳᠤ ᠨᠠᠮ ᠳᠤ ᠣᠷᠣᠭᠰᠠᠨ ᠨᠥᠬᠦᠳ ᠲᠤ ︽ᠤᠯᠤᠰ ᠲᠦᠷᠦ ᠶᠢᠨ ᠲᠦᠷᠦᠭᠰᠡᠨ ᠡᠳᠦᠷ︾᠎ ᠤᠨ ᠪᠠᠶᠠᠷ ᠤᠨ ᠺᠠᠷᠲ ᠬᠦᠷᠭᠡᠵᠦ᠂ ᠨᠠᠮ ᠤᠨ ᠭᠡᠰᠢᠭᠦᠳ ᠤᠨ ᠤᠭ ᠰᠠᠨᠠᠭ᠎ᠠ ᠪᠠᠨ ᠦᠯᠦ ᠮᠠᠷᠲᠠᠵᠤ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠪᠠ᠃     ᠡᠨᠡ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠪᠦᠬᠦ ᠨᠠᠮ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠶᠢ ᠤᠯᠠᠮ ᠴᠢᠨᠠᠭᠰᠢᠳᠠ ᠴᠢᠩᠭᠠᠳᠬᠠᠵᠠᠢ᠃ ᠨᠠᠮ ᠤᠨ ᠭᠡᠰᠢᠭᠦᠳ᠂ ᠡᠪ ᠬᠠᠮᠲᠤᠴᠤᠳ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠭᠠᠴᠠᠭᠠᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠠᠮ ᠤᠨ ᠭᠡᠰᠢᠭᠦᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号