ᠪᠤᠯᠠᠭᠠᠨ ᠭᠠᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 21᠎ ᠤ ᠡᠳᠦᠷ᠂ ᠪᠠᠶᠠᠨᠬᠤᠰᠢᠭᠤ ᠰᠤᠮᠤᠨ ᠤ ᠪᠤᠯᠠᠭᠠᠨ ᠭᠠᠴᠠᠭᠠᠨ ᠤ ᠪᠤᠯᠠᠭᠠᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠵᠢᠷᠭᠤᠳᠤᠭᠠᠷ ᠣᠨ ᠤ ᠲᠡᠭᠦᠰᠬᠦ ᠠᠩᠭᠢ ᠶᠢᠨ ᠬᠤᠶᠠᠷ ᠰᠣᠷᠣᠭᠴᠢ ᠳᠤ ᠬᠠᠶᠢᠷ᠎ᠠ ᠬᠠᠯᠠᠮᠵᠢ ᠪᠢᠯᠬᠠᠭᠰᠠᠨ ᠮᠣᠩᠭᠤᠯ ᠳᠡᠪᠡᠯ᠂ ᠭᠤᠲᠤᠯ᠂ ᠰᠤᠷᠤᠯᠭ᠎ᠠ ᠶᠢᠨ ᠬᠡᠷᠡᠭᠰᠡᠯ ᠵᠡᠷᠭᠡ ᠶᠢ ᠬᠦᠷᠭᠡᠨ ᠥᠭᠴᠡᠢ᠃
          ᠮᠣᠩᠭᠤᠯ ᠲᠡᠷᠯᠢᠭ ᠢ ᠰᠠᠶᠢᠨ ᠳᠤᠷ᠎ᠠ ᠶᠢᠨ ᠠᠵᠢᠯᠯᠠᠭᠴᠢ ᠮᠠᠰᠢᠪᠢᠯᠢᠭ᠌ ᠠᠵᠢᠯ ᠤᠨ ᠴᠢᠯᠦᠭᠡᠨ ᠤ ᠴᠠᠭ ᠢᠶᠠᠷ ᠢᠶᠠᠨ ᠣᠶᠣᠵᠤ᠂ ᠰᠠᠶᠢᠨ ᠲᠤᠷᠠᠴᠣᠣᠯ ᠤᠨ ᠠᠩᠭᠢ ᠶᠢᠨ ᠳᠠᠭᠠᠭᠤᠯᠤᠭᠴᠢ ᠦᠯᠵᠢᠪᠠᠳᠮ᠎ᠠ ᠲᠠᠢ ᠬᠠᠮᠲᠤ ᠪᠠᠷ ᠬᠤᠶᠠᠷ ᠰᠤᠷᠤᠭᠴᠢ ᠳᠤ ᠬᠠᠶᠢᠷ᠎ᠠ ᠬᠠᠯᠠᠮᠵᠢ ᠬᠦᠷᠭᠡᠭᠰᠡᠨ ᠪᠥᠭᠡᠳ ᠲᠡᠳᠡᠨ ᠤ ᠠᠮᠢᠳᠤᠷᠠᠯ ᠰᠤᠷᠤᠯᠭ᠎ᠠ ᠶᠢᠨ ᠪᠠᠶᠢᠳᠠᠯ  ᠎ ᠢ ᠬᠠᠯᠠᠮᠵᠢᠯᠠᠭᠰᠠᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠬᠡᠦᠬᠡᠳ ᠤᠳ ᠲᠤ ᠨᠡᠶᠢᠭᠡᠮ ᠤᠨ ᠬᠠᠯᠠᠮᠵᠢᠯᠠᠯ ᠢ ᠬᠦᠷᠲᠡᠭᠡᠪᠡ᠃ ᠪᠤᠯᠠᠭᠠᠨ ᠭᠠᠴᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠴᠤ ᠵᠠᠯᠠᠭᠤᠴᠤᠳ ᠪᠠᠭᠠᠴᠤᠳ ᠤᠨ ᠪᠣᠳᠠᠲᠤ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠵᠠᠯᠠᠭᠤᠴᠤᠳ ᠪᠠᠭᠠᠴᠤᠳ ᠲᠤ ᠨᠠᠩ ᠣᠯᠠᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠢᠳᠡᠪᠬᠢ ᠬᠦᠴᠦᠨ ᠢ ᠨᠡᠶᠢᠭᠡᠮ ᠳᠤ ᠢᠳᠡᠪᠬᠢᠲᠡᠢ ᠳᠠᠮᠵᠢᠭᠤᠯᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号