ᠪᠠᠷᠠᠭᠤᠨ ᠦᠵᠦᠮᠦᠴᠢᠨ ᠬᠤᠰᠢᠭᠤᠨ ᠤ ᠬᠤᠰᠢᠭᠤ ᠲᠠᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/6/27
   ᠬᠤᠰᠢᠭᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠣᠬᠢᠷᠠᠭᠤᠯᠤᠯᠲᠠ ᠶᠣᠰᠣᠭᠠᠷ᠂ 6 ᠰᠠᠷ᠎ᠠ ᠶᠢᠨ 25 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠨᠠᠮ ᠤᠨ ᠭᠡᠰᠢᠭᠦᠨ ᠭᠠᠵᠠᠷ ᠤᠨ ᠲᠠᠰ ᠤᠨ ᠤᠳᠤᠷᠢᠳᠬᠤ ᠨᠥᠬᠦᠳ ᠢ ᠵᠣᠬᠢᠶᠠᠨ ᠪᠠᠶᠢᠭᠤᠯᠤᠨ ᠪᠠᠷᠠᠭᠤᠨ ᠦᠵᠦᠮᠦᠴᠢᠨ ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠰᠡᠷᠡᠮᠵᠢᠯᠡᠭᠦᠯᠬᠦ ᠬᠥᠮᠦᠵᠢᠯ ᠢ ᠬᠦᠷᠲᠡᠭᠡᠬᠦ ᠶᠢᠨ ᠬᠠᠮᠲᠤ ᠨᠠᠮ ᠳᠤ ᠣᠷᠣᠭᠰᠠᠨ  ᠲᠠᠩᠭᠠᠷᠢᠭ ᠢᠶᠠᠨ ᠬᠠᠮᠲᠤᠪᠠᠷ ᠡᠷᠭᠢᠴᠡᠭᠦᠯᠦᠨ ᠲᠠᠩᠭᠠᠷᠢᠭᠯᠠᠪᠠ᠃
    ᠠᠵᠢᠯᠯᠠᠭ᠎ᠠ ᠳᠤ᠂ ᠪᠦᠬᠦ ᠠᠵᠢᠯᠲᠠᠳ ︽ᠠᠷᠢᠭᠤᠨ ᠴᠢᠬᠡᠴᠢ ᠲᠡᠦᠬᠡ ᠶᠢ ᠣᠶᠢᠯᠠᠭᠠᠬᠤ︾᠂ ︽ᠠᠷᠢᠭᠤᠨ ᠴᠢᠬᠡᠴᠢ ᠶᠢ ᠬᠠᠮᠠᠭᠠᠯᠠᠬᠤ ᠪᠣᠳᠣᠯᠭ᠎ᠠ︾᠂ ︽ᠬᠤᠷᠴᠠ ᠰᠡᠯᠡᠮ᠎ᠡ ᠪᠠᠷ ᠴᠢᠩᠭ᠎ᠠ ᠰᠡᠷᠡᠮᠵᠢᠯᠡᠭᠦᠯᠬᠦ ᠨᠢ︾᠂ ︽ᠴᠠᠭ ᠦᠶ᠎ᠡ ᠶᠢᠨ ᠦᠯᠢᠭᠡᠷ ᠳᠠᠭᠤᠷᠢᠶᠠᠯ︾᠂ ︽ᠠᠷᠢᠭᠤᠨ ᠴᠢᠬᠡᠴᠢ ᠶᠢ ᠴᠣᠭᠴᠠᠯᠠᠬᠤ ᠰᠡᠳᠬᠢᠮᠵᠢ︾ ᠵᠡᠷᠭᠡ ᠲᠠᠪᠤᠨ ᠲᠣᠮᠣ ᠦᠵᠡᠭᠦᠯᠦᠯᠭᠡ ᠶᠢᠨ ᠨᠢᠭᠡᠴᠡ ᠶᠢ ᠲᠣᠭᠤᠷᠢᠨ ᠦᠵᠡᠪᠡ᠃ ᠤᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠬᠡᠷᠡᠯ ᠵᠢᠷᠤᠭ ᠤᠨ ᠮᠠᠲ᠋ᠧᠷᠢᠶᠠᠯ᠂ ᠠᠷᠢᠭᠤᠨ ᠴᠢᠬᠡᠴᠢ ᠶᠢᠨ ᠲᠤᠬᠠᠢ ᠸᠢᠳᠢᠤ᠋ ᠪᠢᠴᠢᠯᠭᠡ᠂ ᠭᠡᠮᠰᠢᠭᠰᠡᠨ ᠲᠡᠮᠳᠡᠭᠯᠡᠯ ᠵᠡᠷᠭᠡ ᠶᠢ ᠲᠣᠭᠤᠷᠢᠨ ᠦᠵᠡᠪᠡ᠃ ᠦᠨᠡᠨ ᠪᠣᠳᠠᠲᠠᠢ ᠬᠡᠷᠡᠭ ᠤᠨ ᠵᠢᠱᠢᠶ᠎ᠡ᠂ ᠭᠦᠨᠵᠡᠭᠡᠢ ᠰᠡᠳᠬᠢᠭᠦᠰᠢᠲᠡᠢ ᠦᠭᠡ ᠦᠭᠦᠯᠡᠪᠦᠷᠢ ᠨᠢᠭᠡᠪᠦᠷᠢ ᠨᠢ ᠥᠷᠭᠡᠨ ᠤᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ  ᠲᠤ ᠡᠷᠬᠡ ᠪᠠᠨ ᠵᠢᠷᠤᠮᠵᠢᠯ ᠲᠠᠢ ᠬᠡᠷᠡᠭᠯᠡᠨ᠂ ᠠᠷᠢᠭᠤᠨ ᠴᠢᠬᠡᠴᠢ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠬᠤ ᠶᠢ ᠰᠡᠷᠡᠮᠵᠢᠯᠡᠭᠦᠯᠪᠡ᠃       ᠲᠣᠭᠤᠷᠢᠨ ᠦᠵᠡᠭᠰᠡᠨ ᠤ ᠳᠠᠷᠠᠭ᠎ᠠ᠂ ᠤᠯᠠᠨ ᠢᠶᠠᠷ ᠢᠶᠠᠨ ᠲᠠᠩᠭᠠᠷᠢᠭᠯᠠᠬᠤ ᠲᠠᠩᠬᠢᠮ ᠳᠤ ᠣᠷᠣᠵᠤ᠂ ᠭᠠᠯ ᠤᠯᠠᠭᠠᠨ ᠨᠠᠮ ᠤᠨ ᠲᠤᠭ ᠲᠤ ᠬᠠᠨᠳᠤᠨ᠂ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠤᠨ ᠦᠢᠯᠡᠰ ᠤᠨ ᠲᠥᠯᠥᠭᠡ ᠨᠠᠰᠤ ᠪᠠᠷ ᠢᠶᠠᠨ ᠲᠡᠮᠡᠴᠡᠬᠦ ᠢᠲᠡᠭᠡᠯ ᠵᠣᠷᠢᠭ ᠢᠶᠠᠨ ᠢᠯᠡᠳᠬᠡᠵᠡᠢ᠃ ᠳᠠᠷᠠᠭ᠎ᠠ ᠨᠢ ︽ᠰᠠᠬᠢᠯᠭ᠎ᠠ ᠪᠠᠲᠤ ᠪᠠ ᠳᠦᠷᠢᠮ ᠲᠣᠭᠲᠠᠭᠠᠯ ᠢ ᠲᠡᠷᠢᠭᠦᠨ ᠳᠤ ᠲᠠᠯᠪᠢᠬᠤ︾ ᠬᠡᠮᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号