ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠪᠠᠷ ᠵᠠᠰᠠᠪᠤᠷᠢᠯᠠᠭᠰᠠᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ︵2024 ᠬᠡᠪᠯᠡᠯ︶︾ ︵ᠳᠣᠷᠣᠭᠰᠢ ︽ᠪᠡᠯᠡᠳᠬᠡᠯ ᠲᠥᠰᠥᠯ︾ | ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠪᠠ ᠃ ᠲᠣᠰ ᠤᠳᠠᠭ᠎ᠠ ︽ᠪᠡᠯᠡᠳᠬᠡᠯ ᠲᠥᠰᠥᠯ︾ ᠳᠤ ᠵᠠᠰᠠᠪᠤᠷᠢ | ᠣᠷᠣᠭᠤᠯᠬᠤ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ | ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠣᠶᠢᠷ᠎ᠠ ᠶᠢᠨ ᠵᠢᠯ ᠤᠳ ᠤᠨ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠭᠰᠠᠨ ᠲᠤᠷᠰᠢᠯᠭ᠎ᠠ ᠪᠠ ᠠᠷᠭ᠎ᠠ ᠬᠢᠳᠡᠯ ᠨᠦᠭᠦᠳ ᠢ ᠨᠠᠷᠢᠨ ᠬᠢᠨᠠᠮᠠᠭᠠᠢ | ᠳ᠋ᠦᠩᠨᠡᠵᠦ᠂ ᠰᠢᠨ᠎ᠡ ᠴᠠᠭ ᠦᠶ᠎ᠡ ᠶᠢᠨ ᠪᠠᠶᠢᠭᠠᠯᠢ ᠶᠢᠨ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠠᠨ | ᠲᠤᠰᠠᠯᠠᠬᠤ ᠠᠵᠢᠯ ᠤᠨ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠭᠠᠮᠰᠢᠭᠳᠠᠭᠰᠠᠨ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠬᠤ ᠰᠢᠨ᠎ᠡ ᠬᠡᠷᠡᠭᠴᠡᠭᠡ ᠶᠢ ᠠᠩᠬᠠᠷᠴᠤ᠂ ᠭᠤᠣᠯᠳᠠᠭᠤ ᠥᠪᠡᠷᠲᠡᠭᠡᠨ ᠵᠠᠰᠠᠬᠤ | ᠣᠷᠣᠨ ᠤ ᠳᠡᠰ ᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠲᠣᠭᠲᠠᠴᠠ᠂ ᠪᠠᠴᠢᠮ ᠪᠠᠶᠢᠳᠠᠯ ᠢ | ᠠᠷᠭᠠᠴᠠᠭᠠᠬᠤ ᠠᠵᠢᠯᠯᠠᠭ᠎ᠠ ᠡᠬᠢᠯᠡᠭᠦᠯᠬᠦ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠪᠠᠲᠤᠯᠠᠭ᠎ᠠ ᠶᠢᠨ ᠠᠷᠭ᠎ᠠ | ᠬᠡᠮᠵᠢᠶ᠎ᠡ ᠵᠡᠷᠭᠡ ᠶᠢ ᠪᠥᠬᠦ ᠲᠠᠯ᠎ᠠ ᠪᠠᠷ ᠵᠢᠷᠤᠮᠵᠢᠭᠤᠯᠤᠨ ᠲᠡᠭᠦᠯᠳᠡᠷᠵᠢᠭᠦᠯᠪᠡ᠃ | ᠨᠢᠭᠡ᠂ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠶᠢ ᠴᠢᠨᠠᠭᠰᠢᠳᠠ ᠤᠯᠠᠮ ᠲᠡᠭᠦᠯᠳᠡᠷᠵᠢᠭᠦᠯᠪᠡ᠃ | ︽ᠪᠡᠯᠡᠳᠬᠡᠯ ᠲᠥᠰᠥᠯ︾ ᠳᠤ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠺᠣᠮᠢᠰ ᠤᠨ ᠡᠭᠦᠷᠭᠡ ᠴᠢᠳᠠᠮᠵᠢ ᠶᠢ ᠲᠣᠳᠣᠷᠬᠠᠶᠢᠯᠠᠨ᠂ ᠲᠡᠭᠦᠨ ᠤ ᠪᠦᠬᠦ ᠣᠷᠣᠨ ᠤ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠲᠦᠷᠦᠭᠦᠯᠡᠨ ᠶᠡᠷᠦᠩᠬᠡᠶᠢᠯᠡᠨ | ᠠᠳᠬᠤᠬᠤ᠂ ᠶᠡᠷᠦᠩᠬᠡᠶᠢᠯᠡᠨ ᠨᠢᠭᠡᠳᠦᠯᠲᠡᠢ ᠲᠥᠯᠥᠪᠯᠡᠬᠦ᠂ ᠵᠢᠯᠣᠭᠤᠳᠤᠨ ᠰᠢᠮᠳᠠᠭᠤᠯᠬᠤ ᠦᠢᠯᠡᠳᠦᠯ ᠢ ᠨᠢ ᠭᠦᠢᠴᠡᠳ | ᠪᠠᠳᠠᠷᠠᠭᠤᠯᠵᠠᠢ᠂ ᠪᠠᠰᠠ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠨᠦᠭᠦᠳ ᠤᠨ ᠲᠤᠰᠬᠠᠢ ᠮᠡᠷᠭᠡᠵᠢᠯ ᠤᠨ | ᠳᠠᠪᠠᠭᠤᠯᠢᠭ᠂ ᠠᠵᠢᠯ ᠲᠦᠷᠦᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢ ᠠᠬᠢᠭᠤᠯᠵᠤ᠂ ᠵᠥᠪᠳᠡᠯᠴᠡᠨ ᠰᠤᠳᠤᠯᠤᠨ | ᠮᠠᠭᠠᠳᠯᠠᠬᠤ᠂ ᠠᠵᠢᠯᠯᠠᠭ᠎ᠠ ᠡᠬᠢᠯᠡᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠢᠭᠡᠳᠦᠯᠲᠡᠢ | ᠵᠢᠯᠤᠭᠤᠳᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠭᠠᠮᠰᠢᠭ ᠲᠤ ᠬᠤᠯᠪᠣᠭᠳᠠᠬᠤ ᠡᠯ᠎ᠡ ᠰᠠᠯᠠᠭ᠎ᠠ ᠮᠥᠴᠢᠷ | ᠨᠢᠭᠡᠴᠢ ᠨᠦᠭᠦᠳ ᠤᠨ ᠵᠣᠬᠢᠴᠠᠭᠤᠯᠤᠨ ᠬᠥᠳᠡᠯᠦᠯᠴᠡᠬᠦ᠂ ᠬᠠᠮᠲᠤᠷᠠᠨ ᠠᠷᠭᠠᠴᠠᠵᠤ ᠵᠢᠯᠤᠭᠤᠳᠬᠤ ᠲᠣᠭᠲᠠᠴᠠ ᠶᠢ | ᠪᠠᠶᠢᠭᠤᠯᠵᠠᠢ᠃ ︽ᠪᠡᠯᠡᠳᠬᠡᠯ ᠲᠥᠰᠥᠯ︾ ᠳᠤ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠠᠯᠪᠠᠨ ᠭᠡᠷ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠡᠭᠦᠷᠭᠡ | ᠴᠢᠳᠠᠮᠵᠢ ᠶᠢ ᠲᠣᠳᠣᠷᠬᠠᠶᠢᠯᠠᠭᠰᠠᠨ ᠮᠥᠷᠲᠡᠭᠡᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ ᠶᠢ ᠲᠤᠰᠬᠠᠢ | ᠲᠣᠭᠲᠠᠭᠠᠭᠰᠠᠨ ᠨᠢ ᠪᠦᠬᠦ᠋ᠢᠯᠡ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠶᠢ ᠨᠡᠩ ᠪᠦᠷᠢᠨ | ᠲᠡᠭᠦᠯᠳᠡᠷᠵᠢᠭᠦᠯᠪᠡ᠃ | ᠬᠤᠶᠠᠷ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ ᠶᠢ ᠴᠢᠨᠠᠭᠰᠢᠳᠠ ᠤᠯᠠᠮ | ᠵᠢᠷᠤᠮᠵᠢᠭᠤᠯᠪᠠ᠃ ︽ᠪᠡᠯᠡᠳᠬᠡᠯ ᠲᠥᠰᠥᠯ︾ ᠤᠨ ᠳᠥᠷᠪᠡᠳᠦᠭᠡᠷ ᠪᠦᠯᠦᠭ ᠢ ᠲᠤᠰᠬᠠᠢ ᠪᠦᠯᠦᠭ ᠪᠣᠯᠭᠠᠨ | ︽ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ︾ ᠠᠵᠢᠯ ᠢ ᠲᠣᠭᠲᠠᠭᠠᠵᠠᠢ᠃ ᠲᠤᠰ | ᠪᠦᠯᠦᠭ ᠲᠤ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠪᠦᠷᠢᠳᠬᠡᠭᠡᠳ ᠮᠡᠳᠡᠭᠦᠯᠦᠨ ᠬᠦᠷᠭᠡᠬᠦ᠂ ᠬᠢᠨᠠᠨ | ᠪᠠᠶᠢᠴᠠᠭᠠᠭᠠᠳ ᠦᠨᠡᠯᠡᠨ ᠵᠢᠱᠢᠬᠦ᠂ ᠵᠥᠪᠳᠡᠯᠴᠡᠭᠡᠳ ᠬᠢᠨᠠᠨ ᠲᠣᠭᠲᠠᠭᠠᠬᠤ᠂ ᠰᠠᠯᠠᠭ᠎ᠠ ᠮᠥᠴᠢᠷ ᠤᠳ ᠬᠤᠭᠤᠷᠣᠨᠳᠤ ᠪᠠᠨ | ᠮᠡᠳᠡᠭᠡ ᠵᠠᠩᠭᠢ ᠪᠠᠨ ᠬᠠᠮᠲᠤ ᠪᠠᠷ ᠬᠦᠷᠲᠡᠬᠦ ᠵᠡᠷᠭᠡ ᠠᠵᠢᠯ ᠤᠳ ᠢ ᠰᠠᠶᠢᠲᠤᠷ ᠬᠢᠵᠦ᠂ ᠭᠠᠮᠰᠢᠭᠳᠠᠭᠰᠠᠨ ᠭᠠᠵᠠᠷ | ᠣᠷᠣᠨ ᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠢᠴᠢ ᠨᠡᠶᠢᠲᠡᠯᠡᠬᠦ ᠵᠡᠷᠭᠡ ᠲᠠᠯ᠎ᠠ ᠶᠢᠨ | ᠠᠵᠢᠯ ᠤᠳ ᠤᠨ ᠲᠠᠰ ᠳᠠᠷᠠᠭᠠᠯᠠᠯ᠂ ᠠᠭᠤᠯᠭ᠎ᠠ ᠶᠢᠨ ᠠᠢ᠂ ᠴᠠᠭ ᠤᠨ ᠬᠢᠵᠠᠭᠠᠷ ᠤᠨ ᠱᠠᠭᠠᠷᠳᠠᠯᠭ᠎ᠠ ᠵᠡᠷᠭᠡ | ᠠᠭᠤᠯᠭ᠎ᠠ ᠨᠤᠭᠤᠳ ᠢ ᠭᠤᠣᠯᠳᠠᠯᠭ᠎ᠠ ᠲᠠᠢ ᠵᠢᠷᠤᠮᠵᠢᠭᠤᠯᠤᠨ᠂ ᠭᠠᠮᠰᠢᠭ ᠤᠨ ᠪᠠᠶᠢᠳᠠᠯ ᠢ ᠬᠠᠮᠢᠶᠠᠷᠬᠤ ᠡᠯ᠎ᠡ ᠵᠦᠢᠯ ᠤᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠣᠷᠣᠨ ᠨᠤᠲᠤᠭ ᠤᠨ ᠭᠠᠮᠰᠢᠭ ᠢ ᠮᠡᠳᠡᠭᠦᠯᠬᠦ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠭᠤᠷᠪᠠ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠴᠢᠨᠠᠭᠰᠢᠳᠠ ᠤᠯᠠᠮ ᠰᠢᠯᠢᠳᠡᠭᠵᠢᠭᠦᠯᠪᠡ᠃ | ︽ᠪᠡᠯᠡᠳᠬᠡᠯ ᠲᠥᠰᠥᠯ︾ ᠨᠢ ᠠᠪᠤᠷᠠᠨ ᠲᠤᠰᠠᠯᠠᠬᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠠᠰ ᠳᠠᠷᠠᠭᠠᠯᠠᠯ ᠵᠢᠴᠢ | ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠲᠣᠬᠢᠷᠠᠭᠤᠯᠵᠤ ᠲᠡᠭᠦᠯᠳᠡᠷᠵᠢᠭᠦᠯᠪᠡ᠃ ᠨᠢᠭᠡ ᠳᠤ᠂ ᠠᠵᠢᠯᠯᠠᠭ᠎ᠠ ᠶᠢ ᠡᠬᠢᠯᠡᠭᠦᠯᠬᠦ | ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠥᠯᠥᠭᠡ᠂ ︽ᠪᠡᠯᠡᠳᠬᠡᠯ ᠲᠥᠰᠥᠯ︾ ᠳᠤ ᠡᠬᠢᠯᠡᠭᠦᠯᠬᠦ ᠨᠥᠬᠦᠴᠡᠯ ᠤᠨ | ᠡᠮᠦᠨ᠎ᠡ ︽ᠪᠤᠶᠤ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠡᠮᠵᠢᠨ ᠢᠯᠡᠷᠡᠵᠦ ᠮᠡᠳᠡᠬᠦ︾ ᠭᠡᠬᠦ ᠥᠭᠦᠯᠡᠯᠲᠡ ᠶᠢ | ᠨᠡᠮᠡᠭᠰᠡᠨ ᠤ ᠵᠣᠷᠢᠯᠭ᠎ᠠ ᠨᠢ ᠳᠠᠷᠤᠢ ᠡᠷᠲᠡᠬᠡᠨ ᠡᠬᠢᠯᠡᠭᠦᠯᠵᠦ᠂ ᠡᠷᠲᠡᠬᠡᠨ ᠠᠵᠢᠯᠯᠠᠭ᠎ᠠ ᠠᠪᠴᠤ᠂ ᠡᠷᠲᠡᠬᠡᠨ ᠠᠪᠤᠷᠠᠨ | ᠲᠤᠰᠠᠯᠠᠬᠤ ᠶᠢᠨ ᠲᠥᠯᠥᠭᠡ ᠶᠤᠮ᠃ ᠬᠤᠶᠠᠷ ᠲᠤ᠂ ᠭᠠᠮᠰᠢᠭ ᠢ ᠠᠷᠭᠠᠴᠠᠨ ᠰᠢᠢᠳᠪᠦᠷᠢᠯᠡᠬᠦ ᠭᠤᠭᠴᠣᠭᠠᠨ ᠳᠤ | ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠵᠢᠮ᠎ᠡ ᠶᠣᠰᠣ | ᠪᠠ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠤᠨ ᠡᠭᠦᠷᠭᠡ ᠬᠠᠷᠢᠭᠤᠴᠠᠯᠭ᠎ᠠ ᠪᠠ | ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠴᠢᠨᠠᠭᠰᠢᠳᠠ ᠤᠯᠠᠮ ᠲᠡᠭᠦᠯᠳᠡᠷᠵᠢᠭᠦᠯᠦᠨ ᠨᠠᠷᠢᠯᠢᠭᠵᠢᠭᠤᠯᠬᠤ ᠶᠢᠨ ᠬᠠᠮᠲᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠬᠤᠷᠢᠶᠠᠩᠭᠤᠶᠢᠯᠠᠨ ᠲᠥᠷᠥᠯ ᠠᠩᠭᠢᠯᠠᠭᠠᠳ᠂ ᠥᠪᠡᠷᠲᠡᠭᠡᠨ ᠵᠠᠰᠠᠬᠤ ᠣᠷᠣᠨ ᠤ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠡᠭᠦᠷᠭᠡ ᠴᠢᠳᠠᠮᠵᠢ ᠶᠢ ᠨᠠᠩ ᠳᠣᠪᠤᠶᠢᠯᠭᠠᠵᠤ᠂ ᠡᠯ᠎ᠡ ᠰᠠᠯᠠᠭ᠎ᠠ ᠮᠥᠴᠢᠷ ᠤᠳ ᠤᠨ ᠮᠡᠷᠭᠡᠵᠢᠯ ᠪᠠ | ᠠᠵᠢᠯ ᠲᠥᠷᠥᠯ ᠤᠨ ᠳᠠᠪᠠᠭᠤᠯᠢᠭ ᠢ ᠨᠢ ᠨᠠᠩ ᠰᠠᠶᠢᠲᠤᠷ ᠪᠠᠳᠠᠷᠠᠭᠤᠯᠪᠠ᠃ ᠭᠤᠷᠪᠠ ᠳᠤ᠂ ᠠᠵᠢᠯᠯᠠᠭ᠎ᠠ ᠶᠢᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠶᠡᠷ ᠤᠰᠤᠳᠤᠯ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠭᠠᠵᠠᠷ ᠬᠥᠳᠡᠯᠦᠯᠲᠡ᠂ ᠭᠠᠵᠠᠷ ᠵᠦᠢ ᠶᠢᠨ ᠭᠠᠢ ᠭᠠᠮᠰᠢᠭ᠂ ᠣᠶ | ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠳᠤ ᠨᠢᠭᠡᠨᠲᠡ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ | ᠡᠬᠢᠯᠡᠭᠦᠯᠦᠭᠰᠡᠨ ᠪᠠᠶᠢᠪᠠᠯ᠂ ᠶᠡᠷᠦᠩᠬᠡᠶᠢᠯᠡᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠡᠮᠵᠢᠨ᠂ ᠲᠣᠭᠲᠠᠭᠠᠯ | ᠶᠣᠰᠣᠭᠠᠷ ᠭᠠᠮᠰᠢᠭ ᠠᠴᠠ ᠠᠪᠤᠷᠠᠨ ᠲᠤᠰᠠᠯᠠᠬᠤ ᠠᠵᠢᠯᠯᠠᠭ᠎ᠠ ᠪᠠᠨ ᠡᠬᠢᠯᠡᠭᠦᠯᠵᠦ᠂ ᠭᠠᠮᠰᠢᠭ ᠠᠴᠠ ᠠᠪᠤᠷᠠᠨ | ᠲᠤᠰᠠᠯᠠᠬᠤ ᠠᠵᠢᠯᠯᠠᠭ᠎ᠠ ᠪᠠ ᠭᠤᠣᠯ ᠭᠠᠮᠰᠢᠭ ᠤᠨ ᠲᠥᠷᠥᠯ ᠤᠨ ᠡᠯ᠎ᠡ ᠪᠡᠯᠡᠳᠬᠡᠯ ᠲᠥᠰᠥᠯ ᠢ ᠵᠣᠬᠢᠴᠠᠭᠤᠯᠤᠨ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠪᠣᠯᠣᠨ᠎ᠠ᠃ ᠳᠥᠷᠪᠡ ᠳᠤ᠂ ᠣᠶᠢᠷ᠎ᠠ ᠶᠢᠨ ᠵᠢᠯ ᠤᠳ ᠲᠠᠬᠢ | ᠭᠠᠮᠰᠢᠭ ᠠᠴᠠ ᠠᠪᠤᠷᠠᠨ ᠲᠤᠰᠠᠯᠠᠭᠰᠠᠨ ᠦᠢᠯᠡᠳᠦᠯᠭᠡ ᠪᠠ ᠭᠠᠮᠰᠢᠭᠳᠠᠭᠰᠠᠨ ᠣᠯᠠᠨ ᠲᠦᠮᠡᠨ ᠤ ᠪᠠᠴᠢᠮ | ᠬᠡᠷᠡᠭᠴᠡᠭᠡ ᠳᠤ ᠴᠢᠭᠯᠡᠭᠦᠯᠦᠨ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠥᠭᠬᠦ | ᠲᠣᠭᠲᠠᠴᠠ᠂ ᠭᠠᠮᠰᠢᠭ ᠠᠴᠠ ᠠᠪᠤᠷᠠᠬᠤ ᠠᠮᠢᠳᠤᠷᠠᠯ ᠤᠨ ᠡᠳ᠋ ᠪᠣᠳᠠᠰ ᠢ ᠪᠠᠴᠢᠮ ᠰᠢᠯᠵᠢᠭᠦᠯᠦᠨ ᠥᠭᠬᠦ | ᠲᠣᠭᠲᠠᠴᠠ ᠶᠢ ᠪᠠᠶᠢᠭᠤᠯᠵᠤ᠂ ᠠᠵᠢᠯᠯᠠᠬᠤ ᠳᠤᠭᠤᠶᠢᠯᠠᠩ ᠢ ᠤᠷᠢᠳᠴᠢᠯᠠᠨ ᠲᠣᠮᠢᠯᠠᠵᠤ ᠲᠤᠬᠠᠢ ᠶᠢᠨ ᠭᠠᠵᠠᠷ ᠲᠤ ᠨᠢ | ᠵᠢᠭᠠᠨ ᠵᠢᠯᠣᠭᠤᠳᠤᠭᠤᠯᠵᠤ᠂ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ ᠬᠠᠮᠢᠶᠠᠷᠤᠯᠲᠠ ᠦᠢᠯᠡᠴᠢᠯᠡᠭᠡ ᠶᠢ | ᠴᠢᠩᠭᠠᠳᠬᠠᠬᠤ ᠵᠡᠷᠭᠡ ᠪᠣᠳᠠᠲᠠᠢ ᠱᠠᠭᠠᠷᠳᠠᠯᠭ᠎ᠠ ᠨᠤᠭᠤᠳ ᠢ ᠲᠣᠳᠣᠷᠬᠠᠢ ᠲᠣᠭᠲᠠᠭᠠᠪᠠ᠃ | ᠳᠥᠷᠪᠡ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠨᠠᠭᠰᠢᠳᠠ ᠤᠯᠠᠮ ᠴᠢᠩᠭᠠᠷᠠᠭᠤᠯᠪᠠ᠃ | ᠨᠢᠭᠡ ᠳᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ︽ᠪᠡᠯᠡᠳᠬᠡᠯ ᠲᠥᠰᠥᠯ︾ | ᠳᠤ ᠰᠢᠯᠵᠢᠯᠲᠡ ᠶᠢᠨ ᠬᠤᠭᠤᠴᠠᠭᠠᠨ ᠳᠠᠬᠢ ᠠᠪᠤᠷᠠᠨ ᠲᠤᠰᠠᠯᠠᠬᠤ ᠬᠥᠮᠥᠨ ᠠᠮᠠ ᠶᠢᠨ ᠬᠡᠪᠴᠢᠶ᠎ᠡ ᠶᠢ ᠥᠷᠭᠡᠳᠬᠡᠨ | ᠰᠢᠨᠡᠳᠬᠡᠵᠦ᠂ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠶᠠᠷ ᠲᠤ᠂ ︽ᠪᠡᠯᠡᠳᠬᠡᠯ | ᠲᠥᠰᠥᠯ︾ ᠳᠤ᠂ ᠬᠤᠳᠠᠯᠳᠤᠭᠠᠨ ᠤ ᠳᠠᠭᠠᠳᠬᠠᠯ ᠤᠨ ᠠᠵᠤ ᠠᠬᠤᠢ ᠶᠢᠨ ᠨᠥᠬᠦᠪᠦᠷᠢ ᠶᠢᠨ ᠦᠢᠯᠡᠳᠦᠯ ᠢ | ᠢᠳᠡᠪᠬᠢᠲᠡᠢ ᠪᠠᠳᠠᠷᠠᠭᠤᠯᠤᠨ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠬᠦᠨᠳᠦ ᠭᠠᠮᠰᠢᠭᠳᠠᠭᠰᠠᠨ ᠣᠷᠣᠨ | ᠰᠠᠭᠤᠴᠠ ᠶᠢᠨ ᠳᠠᠭᠠᠳᠬᠠᠯ ᠵᠡᠷᠭᠡ ᠬᠠᠮᠢᠶ᠎ᠠ ᠪᠦᠬᠦᠢ ᠳᠠᠭᠠᠳᠬᠠᠯ ᠤᠳ ᠢ ᠬᠥᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ | ᠳᠠᠬᠢᠨ ᠰᠡᠷᠭᠦᠭᠡᠨ ᠪᠠᠶᠢᠭᠤᠯᠬᠤ ᠪᠡᠯᠡ ᠮᠥᠩᠭᠦᠨ ᠤ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭᠳᠠᠭᠰᠠᠨ ᠣᠯᠠᠨ | ᠲᠦᠮᠡᠨ ᠤ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠪᠤᠷᠠᠨ | ᠲᠤᠰᠠᠯᠠᠬᠤ ᠬᠦᠷᠢᠶ᠎ᠡ ᠪᠠ ᠠᠷᠭ᠎ᠠ ᠵᠠᠮ ᠢᠶᠠᠨ ᠥᠷᠭᠡᠳᠬᠡᠬᠦ ᠶᠢ ᠴᠢᠬᠤᠯᠠᠴᠢᠯᠠᠵᠠᠢ᠃ ᠭᠤᠷᠪᠠ ᠳᠤ᠂ ︽ᠪᠡᠯᠡᠳᠬᠡᠯ | ᠲᠥᠰᠥᠯ︾ ᠳᠤ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ ᠲᠤᠰᠠᠯᠠᠯᠲᠠ᠂ ᠨᠤᠷᠠᠭᠰᠠᠨ ᠣᠷᠣᠨ | ᠰᠠᠭᠤᠴᠠ ᠶᠢ ᠰᠡᠷᠭᠦᠭᠡᠨ ᠪᠠᠶᠢᠭᠤᠯᠬᠤ ᠠᠪᠤᠷᠠᠨ ᠲᠤᠰᠠᠯᠠᠯᠲᠠ᠂ ᠡᠪᠦᠯ ᠬᠠᠪᠤᠷ ᠤᠨ ᠠᠪᠤᠷᠠᠨ ᠲᠤᠰᠠᠯᠠᠯᠲᠠ ᠵᠡᠷᠭᠡ ᠡᠯ᠎ᠡ | ᠲᠦᠷᠦᠯ ᠤᠨ ᠠᠪᠤᠷᠠᠨ ᠲᠤᠰᠠᠯᠠᠬᠤ ᠬᠡᠪᠴᠢᠶ᠎ᠡ᠂ ᠠᠪᠤᠷᠠᠨ ᠲᠤᠰᠠᠯᠠᠬᠤ ᠲᠡᠰ ᠳᠠᠷᠠᠭᠠᠯᠠᠯ᠂ ᠠᠪᠤᠷᠠᠨ ᠲᠤᠰᠠᠯᠠᠬᠤ | ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠵᠤ᠂ ᠡᠯ᠎ᠡ ᠲᠦᠷᠦᠯ ᠤᠨ ᠠᠪᠤᠷᠠᠨ ᠲᠤᠰᠠᠯᠠᠬᠤ ᠲᠡᠰ ᠳᠠᠷᠠᠭᠠᠯᠠᠯ ᠪᠠ | ᠱᠠᠭᠠᠷᠳᠠᠯᠭ᠎ᠠ ᠶᠢ ᠴᠢᠨᠠᠭᠰᠢᠳᠠ ᠤᠯᠠᠮ ᠵᠢᠷᠤᠮᠵᠢᠭᠤᠯᠪᠠ᠃ ᠳᠥᠷᠪᠡ ᠳᠤ᠂ ︽ᠪᠡᠯᠡᠳᠬᠡᠯ ᠲᠥᠰᠥᠯ︾ ᠳᠤ ᠦᠷ᠎ᠡ | ᠪᠦᠲᠦᠮᠵᠢ ᠶᠢ ᠮᠥᠷᠳᠡᠨ ᠠᠰᠠᠭᠤᠬᠤ ᠪᠠ ᠦᠷ᠎ᠡ ᠳ᠋ᠦᠩ ᠢ ᠵᠠᠷᠯᠠᠨ ᠮᠡᠳᠡᠭᠳᠡᠬᠦ ᠶᠢ ᠴᠢᠬᠤᠯᠠᠴᠢᠯᠠᠵᠤ᠂ ᠠᠵᠢᠯ ᠤᠨ | ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠲᠣᠳᠣᠷᠬᠠᠶᠢᠯᠠᠨ᠂ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠷᠠᠭᠤᠯᠵᠤ᠂ ᠪᠠᠶᠢᠳᠠᠯ ᠢ ᠦᠵᠡᠵᠦ ᠪᠠᠶᠢᠭᠠᠳ ᠠᠪᠤᠷᠠᠨ ᠲᠤᠰᠠᠯᠠᠬᠤ ᠠᠵᠢᠯ ᠥᠷᠨᠢᠭᠦᠯᠦᠭᠰᠡᠨ ᠪᠠᠶᠢᠳᠠᠯ ᠢ | ᠮᠡᠳᠡᠭᠡᠯᠡᠵᠦ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ | ᠦᠨᠡᠨ ᠬᠦ ᠪᠠᠲᠤᠯᠠᠪᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠨᠠᠭᠰᠢᠳᠠ ᠤᠯᠠᠮ ᠨᠠᠷᠢᠯᠢᠭᠵᠢᠭᠤᠯᠪᠠ᠃ ᠵᠢᠱᠢᠶᠡᠯᠡᠪᠡᠯ | ᠪᠡᠯᠡ ᠮᠥᠩᠭᠦᠨ ᠤ ᠪᠠᠲᠤᠯᠠᠭ᠎ᠠ ᠶᠢᠨ ᠲᠠᠯ᠎ᠠ ᠪᠠᠷ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ | ᠬᠠᠷᠭᠤᠭᠤᠯᠤᠨ ᠥᠭᠬᠦ ᠲᠣᠭᠲᠠᠴᠠ ᠪᠠ ᠤᠷᠢᠳᠴᠢᠯᠠᠨ ᠰᠠᠯᠭᠠᠨ ᠥᠭᠴᠦ ᠢᠯᠭᠠᠷᠠᠭᠤᠯᠤᠨ ᠪᠣᠳᠣᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠳᠤᠷᠠᠳᠴᠠᠢ︔ ᠡᠳ᠋ ᠪᠣᠳᠠᠰ ᠤᠨ ᠪᠠᠲᠤᠯᠠᠭ᠎ᠠ ᠶᠢᠨ | ᠲᠠᠯ᠎ᠠ ᠪᠠᠷ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠪᠠ ᠦᠢᠯᠡᠳᠪᠦᠷᠢᠯᠡᠬᠦ | ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠨᠥᠭᠡᠴᠡᠯᠡᠬᠦ ᠨᠥᠬᠦᠴᠡᠯ ᠪᠠ ᠪᠡᠯᠡᠳᠬᠡᠮᠵᠢ ᠶᠢᠨ | ᠴᠢᠳᠠᠮᠵᠢ ᠶᠢ ᠲᠡᠭᠦᠯᠳᠡᠷᠵᠢᠭᠦᠯᠵᠦ᠂ ᠨᠥᠭᠡᠴᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠤᠰ ᠵᠠᠰᠠᠭ ᠵᠠᠬᠢᠷᠭᠠᠨ ᠤ | ᠣᠷᠣᠨ ᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠪᠠ ᠪᠠᠲᠤᠯᠠᠭ᠎ᠠ ᠶᠢᠨ ᠱᠠᠭᠠᠷᠳᠠᠯᠭ᠎ᠠ ᠶᠢ | ᠲᠣᠳᠣᠷᠬᠠᠶᠢᠯᠠᠵᠤ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠬᠦ ᠪᠠ ᠲᠡᠭᠡᠭᠡᠪᠦᠷᠢᠯᠡᠬᠦ | ᠳᠦᠷᠢᠮ᠂ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ ᠲᠥᠪᠯᠡᠷᠡᠭᠦᠯᠦᠨ ᠦᠢᠯᠡᠳᠪᠦᠷᠢᠯᠡᠵᠦ ᠲᠣᠬᠢᠷᠠᠭᠤᠯᠬᠤ | ᠪᠠ ᠪᠠᠴᠢᠮ ᠬᠤᠳᠠᠯᠳᠤᠨ ᠠᠪᠴᠤ ᠬᠠᠩᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠴᠢᠬᠤᠯᠠᠴᠢᠯᠠᠪᠠ︔ | ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ ᠶᠢᠨ ᠲᠠᠯ᠎ᠠ ᠪᠠᠷ᠂ ᠴᠢᠮᠡᠭᠡ ᠬᠤᠯᠪᠣᠭ᠎ᠠ ᠰᠦᠯᠵᠢᠶᠡᠨ ᠤ | ᠭᠠᠮᠰᠢᠭ ᠲᠤ ᠲᠡᠰᠪᠦᠷᠢᠲᠡᠢ ᠴᠢᠨᠠᠷ ᠢ ᠰᠠᠶᠢᠵᠢᠷᠠᠭᠤᠯᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ | ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢ ᠤᠷᠢᠳᠴᠢᠯᠠᠨ ᠲᠣᠬᠢᠷᠠᠭᠤᠯᠬᠤ ᠶᠢ ᠴᠢᠩᠭᠠᠳᠬᠠᠨ᠂ | ᠭᠠᠮᠰᠢᠭᠳᠠᠭᠰᠠᠨ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢ ᠲᠦᠷᠭᠡᠨ | ᠨᠡᠪᠲᠡᠷᠡᠭᠦᠯᠬᠦ᠂ ᠨᠡᠪᠲᠡᠷᠡᠭᠦᠯᠬᠦ ᠶᠢ ᠪᠠᠲᠤᠯᠠᠬᠤ᠂ ᠰᠠᠭᠠᠳ ᠦᠭᠡᠢ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢ | ᠳᠤᠷᠠᠳᠴᠠᠢ︔ ᠲᠣᠨᠤᠭ ᠲᠥᠬᠦᠭᠡᠷᠦᠮᠵᠢ ᠪᠠ ᠪᠡᠯᠡᠳᠬᠡᠮᠵᠢ ᠶᠢᠨ ᠪᠠᠲᠤᠯᠠᠭ᠎ᠠ ᠶᠢᠨ ᠲᠠᠯ᠎ᠠ ᠪᠠᠷ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢᠭᠡᠴᠢ ᠪᠠ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠦᠨᠳᠦᠰᠦᠨ ᠱᠠᠲᠤᠨ ᠤ ᠭᠠᠮᠰᠢᠭ ᠠᠴᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠬᠤ ᠠᠵᠢᠯ ᠢ | ᠴᠢᠩᠭᠠᠳᠬᠠᠬᠤ᠂ ᠦᠨᠳᠦᠰᠦᠨ ᠱᠠᠲᠤᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃ | ︽ᠪᠡᠯᠡᠳᠬᠡᠯ ᠲᠥᠰᠥᠯ︾ ᠢ ᠬᠡᠷᠡᠭᠵᠢᠭᠦᠯᠬᠦ ᠶᠠᠪᠤᠴᠠ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢᠭᠡᠴᠢ ᠪᠣᠳᠠᠲᠤ ᠪᠠᠶᠢᠳᠠᠯ ᠢᠶᠠᠨ ᠦᠨᠳᠦᠰᠦᠯᠡᠨ ︽ᠪᠡᠯᠡᠳᠬᠡᠯ ᠲᠥᠰᠥᠯ︾ ᠤᠨ ᠡᠭᠦᠷᠭᠡ ᠶᠢ ᠨᠠᠶᠢᠳᠠᠪᠤᠷᠢᠵᠢᠭᠤᠯᠬᠤ | ᠠᠵᠢᠯ ᠤᠨ ᠭᠠᠷ ᠤᠨ ᠠᠪᠤᠯᠭ᠎ᠠ᠂ ᠠᠵᠢᠯᠯᠠᠭᠠᠨ ᠤ ᠲᠥᠰᠥᠯ ᠵᠡᠷᠭᠡ ᠶᠢ ᠲᠣᠭᠲᠠᠭᠠᠨ ᠨᠠᠶᠢᠳᠠᠪᠤᠷᠢᠵᠢᠭᠤᠯᠵᠤ ᠪᠣᠯᠣᠨ᠎ᠠ᠂ | ᠲᠡᠷᠡᠴᠢᠯᠡᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ | ᠭᠠᠵᠠᠷ ᠣᠷᠣᠨ ︽ᠪᠡᠯᠡᠳᠬᠡᠯ ᠲᠥᠰᠥᠯ︾ ᠢ ᠦᠨᠳᠦᠰᠦᠯᠡᠨ ᠲᠤᠰ ᠱᠠᠲᠤᠨ ᠤ ᠪᠠᠨ ᠪᠠᠶᠢᠭᠠᠯᠢ ᠶᠢᠨ ᠭᠠᠮᠰᠢᠭ ᠠᠴᠠ | ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠨᠢ ᠡᠯ᠎ᠡ | ᠱᠠᠲᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠢ ᠵᠢᠯᠣᠭᠤᠳᠤᠨ ᠪᠠᠶᠢᠴᠠᠭᠠᠬᠤ ᠪᠠᠨ ᠴᠢᠩᠭᠠᠳᠬᠠᠵᠤ᠂ ᠪᠡᠯᠡᠳᠬᠡᠯ ᠲᠥᠰᠥᠯ ᠢ ᠬᠥᠳᠡᠯᠦᠩᠭᠦᠢ ᠪᠠᠷ | ᠲᠡᠭᠦᠯᠳᠡᠷᠵᠢᠭᠦᠯᠬᠦ ᠶᠢ ᠰᠢᠮᠳᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠭᠰᠠᠨ᠂ ᠡᠮᠬᠢ ᠵᠢᠷᠤᠮ ᠲᠠᠢ | ᠵᠣᠯᠭᠠᠭᠤᠯᠤᠭᠰᠠᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ | ᠲᠣᠭᠲᠠᠯᠴᠠᠭ᠎ᠠ ᠶᠢ ᠪᠠᠶᠢᠭᠤᠯᠬᠤ ᠪᠠᠨ ᠠᠬᠢᠭᠤᠯᠵᠤ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃ |