ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠣᠭᠰᠠᠨ ᠬᠡᠪᠴᠢᠶ᠎ᠡ 21.3 ᠲᠦᠮᠡᠨ ᠬᠥᠮᠥᠨ ᠳᠤ ᠬᠦᠷᠴᠦ ᠣᠨ ᠤ ᠬᠠᠷᠠᠯᠲᠠ ᠶᠢᠨ ᠡᠭᠦᠷᠭᠡ ᠶᠢᠨ ᠢᠶᠠᠨ 108.5% ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/6/27
    ᠡᠨᠡ ᠵᠢᠯ ᠠᠴᠠ ᠨᠠᠭᠠᠰᠢ᠂ ᠥᠪᠥᠷ ᠮᠣᠩᠭᠤᠯ ᠪᠥᠬᠦ ᠬᠦᠴᠦᠨ ᠢᠶᠠᠷ ᠢᠶᠠᠨ ᠨᠥᠭᠡᠴᠡ ᠶᠢ ᠲᠣᠭᠲᠠᠪᠤᠷᠢᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠣᠭᠰᠠᠨ ᠬᠡᠪᠴᠢᠶ᠎ᠡ 21.3 ᠲᠦᠮᠡ ᠳᠤ ᠬᠦᠷᠴᠡᠢ᠃      ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠪᠠ᠃ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠦᠭᠡᠳ 8.25 ᠲᠦᠮᠡᠨ ᠬᠥᠮᠥᠨ ᠢ ᠲᠥᠪᠬᠢᠨᠡᠭᠦᠯᠪᠡ᠃ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠡᠷᠡᠭᠦᠯ ᠢᠶᠠᠷ ᠬᠥᠭᠵᠢᠬᠦ ᠶᠢ ᠲᠡᠳᠬᠦᠨ ᠲᠡᠮᠵᠢᠵᠤ᠂ 1.19 ᠲᠦᠮᠡᠨ ᠬᠥᠮᠥᠨ ᠤ ᠠᠵᠢᠯ ᠣᠯᠬᠤ ᠶᠢ ᠲᠠᠶᠢᠴᠢᠯᠠᠪᠠ᠃ ︽ᠬᠤᠷ᠎ᠠ ᠪᠣᠷᠣᠭᠠᠨ ᠤ ᠲᠥᠯᠥᠪᠯᠡᠭᠡ +︾ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠶᠢᠨ ᠵᠠᠯᠠᠭᠤᠴᠤᠳ ᠤᠨ ᠠᠵᠢᠯ ᠣᠯᠬᠤ ᠶᠢ ᠮᠥᠷᠳᠡᠨ ᠲᠡᠳᠬᠦᠪᠡ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠶᠠᠰᠤ ᠴᠢᠨᠠᠷ ᠢ ᠪᠦᠬᠦᠯᠢ ᠴᠣᠭᠴᠠ ᠪᠠᠷ   ᠨᠢ ᠳᠡᠭᠡᠭᠰᠢᠯᠡᠭᠦᠯᠬᠦ ᠶᠢ ᠠᠬᠢᠭᠤᠯᠪᠠ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠬᠤ ᠲᠤᠭ᠎ᠠ ᠪᠠᠷᠢᠮᠲᠠ ᠶᠢ ᠬᠢᠨᠠᠨ ᠰᠢᠨᠵᠢᠬᠦ᠂ ᠬᠠᠮᠲᠤ ᠪᠠᠷ ᠭᠥᠷᠳᠡᠬᠦ᠂ ᠰᠤᠭᠤᠴᠢᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢ ᠰᠢᠮᠳᠠᠭᠤᠯᠵᠤ ᠪᠠᠶᠢᠭᠠᠳ ᠳᠤᠲᠠᠭᠳᠠᠯ ᠪᠠᠭᠤᠷᠠᠢ ᠲᠠᠯ᠎ᠠ ᠶᠢ ᠨᠢ ᠬᠠᠯᠠᠨ ᠰᠠᠶᠢᠵᠢᠷᠠᠭᠤᠯᠵᠤ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠪᠡᠭᠡᠵᠢᠩ ᠬᠤᠲᠠ 2.58 ᠲᠦᠮᠡᠨ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠢ ᠬᠠᠪᠰᠤᠷᠤᠨ ᠠᠵᠢᠯ ᠣᠯᠭᠤᠵᠤ᠂ ᠠᠳᠠᠯᠢ ᠬᠤᠭᠤᠴᠠᠭᠠᠨ ᠤ ᠬᠢ ᠠᠴᠠ 18% ᠪᠠᠷ ᠨᠡᠮᠡᠭᠳᠡᠪᠡ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠲᠣᠭᠲᠠᠭᠤᠨ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠪᠠ᠃ ᠬᠥᠳᠡᠭᠡ ᠲᠣᠰᠬᠤᠨ ᠤ ᠤᠷᠠᠨ ᠳᠠᠷᠬᠠᠨ ᠢ ᠪᠣᠶᠢᠵᠢᠭᠤᠯᠵᠤ ᠮᠠᠭᠠᠳᠯᠠᠨ ᠲᠣᠭᠲᠠᠭᠠᠬᠤ ᠶᠢ ᠠᠬᠢᠭᠤᠯᠵᠤ᠂ ᠮᠣᠩᠭᠤᠯ ᠦᠨᠳᠦᠰᠦᠲᠡᠨ ᠤ ᠬᠠᠳᠬᠤᠮᠠᠯᠴᠢᠨ ᠪᠠᠢ ᠵᠢᠩ ᠶᠢᠩ ᠵᠡᠷᠭᠡ 8 ᠬᠥᠳᠡᠭᠡ ᠲᠣᠰᠬᠤᠨ ᠤ ᠤᠷᠠᠨ ᠳᠠᠷᠬᠠᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠩᠬᠠᠳᠠᠭᠴᠢ ᠪᠦᠯᠦᠭ ᠬᠥᠳᠡᠭᠡ ᠲᠣᠰᠬᠤᠨ ᠤ ᠤᠷᠠᠨ ᠳᠠᠷᠬᠠᠨ ᠤ ᠨᠠᠷᠠᠲᠤ ᠪᠠᠭᠰᠢ ᠪᠠᠷ ᠰᠣᠩᠭᠤᠭᠳᠠᠵᠤ᠂ 5000 ᠭᠠᠷᠤᠢ ᠬᠥᠮᠥᠨ ᠢ ᠳᠠᠶᠢᠴᠢᠯᠠᠨ ᠵᠢᠯ ᠳᠤᠮᠳᠠᠴᠢ ᠶᠢᠨ ᠣᠷᠣᠯᠭ᠎ᠠ ᠶᠢ   ᠨᠢ 1.5 ᠲᠦᠮᠡᠨ ᠲᠥᠭᠦᠷᠢᠭ ᠨᠡᠮᠡᠭᠳᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠪᠠ ᠣᠨᠳᠣᠣ ᠭᠠᠵᠠᠷ ᠲᠤ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠴᠡᠭ ᠢ ᠬᠡᠯᠪᠡᠶᠢᠯᠭᠡᠨ ᠳᠡᠮᠵᠢᠬᠦ ᠪᠠᠨ ᠡᠷᠴᠢᠮᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠠᠵᠢᠯ ᠠᠯᠳᠠᠭᠰᠠᠨ ᠠᠴᠠ ᠪᠣᠯᠵᠤ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠠᠪᠤᠳᠠᠯ ᠦᠯᠦ ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠨᠡᠩ ᠪᠠᠬᠢᠵᠢᠭᠦᠯᠦᠨ᠂ ᠦᠷ᠎ᠡ ᠪᠦᠲᠦᠮᠵᠢ ᠶᠢ ᠨᠡᠩ ᠦᠷᠭᠦᠯᠵᠢᠯᠡᠬᠦᠶᠢᠴᠡ ᠪᠣᠯᠭᠠᠪᠠ᠃  
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号