ᠲᠣᠭᠲᠠᠭᠤᠨ ᠢᠶᠠᠷ ᠨᠡᠮᠡᠭᠳᠡᠪᠡ︕ ᠥᠪᠥᠷ ᠮᠣᠩᠭᠤᠯ ᠤᠨ 1 - 5 ᠳ᠋ᠤᠭᠠᠷ ᠰᠠᠷ᠎ᠠ ᠶᠢᠨ ᠠᠵᠤ ᠠᠬᠤᠢ ᠶᠢᠨ ᠲᠤᠭ᠎ᠠ ᠪᠠᠷᠢᠮᠲᠠ ᠲᠣᠳᠣᠷᠠᠪᠠ
ᠨᠡᠶᠢᠲᠡᠯᠡᠭᠰᠡᠨ ᠴᠠᠭ᠄
2024/6/27
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ 6 ᠳ᠋ᠤᠭᠠᠷ ᠰᠠᠷ᠎ᠠ ᠶᠢᠨ 19 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠪᠦᠬᠦ ᠣᠷᠣᠨ ᠤ 1-5 ᠳ᠋ᠤᠭᠠᠷ ᠰᠠᠷ᠎ᠠ ᠶᠢᠨ ᠠᠵᠤ ᠠᠬᠤᠢ ᠲᠣᠭᠲᠠᠭᠤᠨ ᠢᠶᠠᠷ ᠨᠡᠮᠡᠭᠳᠡᠪᠡ᠃      ᠡᠨᠡ ᠵᠢᠯ ᠠᠴᠠ ᠨᠠᠭᠠᠰᠢ᠂ ᠣᠷᠣᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠨᠡᠮᠡᠭᠳᠡᠯ ᠢ ᠪᠠᠲᠤᠯᠠᠪᠠ᠃    1.ᠠᠵᠤ ᠦᠢᠯᠡᠳᠪᠦᠷᠢ ᠲᠣᠭᠲᠠᠭᠤᠨ ᠨᠡᠮᠡᠭᠳᠡᠯ ᠢᠶᠠᠨ ᠪᠠᠲᠤᠯᠠᠵᠤ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠨᠡᠯᠢᠶᠡᠳ ᠰᠠᠶᠢᠨ ᠪᠠᠶᠢᠨ᠎ᠠ      1-5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃ ᠭᠤᠷᠪᠠᠨ ᠲᠣᠮᠣ ᠲᠥᠷᠥᠯ ᠬᠤᠪᠢᠶᠠᠪᠠᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠵᠦ᠂ ᠦᠢᠯᠡᠳᠬᠦ ᠦᠢᠯᠡᠰ 11.4% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 11.8% ᠪᠠᠷ ᠨᠡᠮᠡᠭᠳᠡᠪᠡ᠃ ᠡᠭᠦᠨ ᠳᠤ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ 51.3% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 35.0% ᠪᠠᠷ ᠨᠡᠮᠡᠭᠳᠡᠪᠡ᠃ ᠠᠵᠤ ᠠᠬᠤᠢ ᠶᠢᠨ ᠲᠦᠷᠦᠯ ᠬᠡᠯᠪᠡᠷᠢ ᠪᠠᠷ ᠬᠤᠪᠢᠶᠠᠪᠠᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ  ᠬᠢ ᠠᠴᠠ 5.9% ᠪᠠᠷ ᠨᠡᠮᠡᠭᠳᠡᠵᠦ᠂ ᠬᠤᠪᠢᠴᠠᠭᠠᠲᠤ ᠳᠦᠷᠢᠮ ᠤᠨ ᠠᠵᠤ ᠠᠬᠤᠶᠢᠯᠠᠯ 7.3% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 7.5% ᠪᠠᠷ ᠨᠡᠮᠡᠭᠳᠡᠵᠦ᠂ ᠬᠤᠪᠢ ᠶᠢᠨ ᠠᠵᠤ ᠠᠬᠤᠶᠢᠯᠠᠯ 5.6% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠪᠣᠯᠬᠤ ᠦᠢᠯᠡᠳᠬᠦᠨ ᠠᠴᠠ ᠦᠵᠡᠪᠡᠯ᠂ ᠲᠦᠭᠦᠬᠡᠢ ᠨᠡᠭᠦᠷᠡᠰᠦᠨ ᠤ ᠭᠠᠷᠤᠯᠲᠠ 5.3 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 3221.0 ᠳ᠋ᠦᠩᠰᠢᠭᠤᠷ ᠺᠢᠯᠣᠸᠠᠲ ᠴᠠᠭ ᠪᠠᠶᠢᠵᠤ᠂ 11.7% ᠪᠠᠷ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 665.9 ᠳ᠋ᠦᠩᠰᠢᠭᠤᠷ ᠺᠢᠯᠣᠸᠠᠲ ᠴᠠᠭ ᠪᠠᠶᠢᠵᠤ᠂ 15.5% ᠪᠠᠷ ᠨᠡᠮᠡᠭᠳᠡᠪᠡ︔ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠂ ᠬᠤᠪᠣᠷ ᠰᠢᠷᠣᠢ ᠶᠢᠨ ᠨᠢᠭᠡᠳᠪᠦᠷᠢ ᠶᠢᠨ ᠭᠠᠷᠤᠯᠲᠠ ᠲᠣᠰ ᠲᠣᠰ 62.1%᠂ 97.5% ᠪᠠ 164.3% ᠪᠠᠷ ᠨᠡᠮᠡᠭᠳᠡᠪᠡ᠃      2.ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ ᠨᠡᠯᠢᠶᠡᠳ ᠲᠦᠷᠭᠡᠨ ᠢᠶᠠᠷ ᠨᠡᠮᠡᠭᠳᠡᠵᠦ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠣᠯᠲᠠ ᠲᠠᠭᠢᠠ ᠢᠶᠠᠷ ᠨᠡᠮᠡᠭᠳᠡᠪᠡ     1-5 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠪᠡ᠃ ᠬᠦᠷᠢᠶ᠎ᠡ ᠴᠠᠷᠠᠭ᠎ᠠ ᠪᠠᠷ ᠬᠤᠪᠢᠶᠠᠪᠠᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 5.4% ᠪᠠᠷ ᠨᠡᠮᠡᠭᠳᠡᠪᠡ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 21.2% ᠢᠶᠠᠷ ᠨᠡᠮᠡᠭᠳᠡᠪᠡ︔ ᠡᠭᠦᠨ ᠳᠤ᠂  ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 20.0% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ 2.3% ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 111.1% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 15.5% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 7.4% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠲᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 15.2 % ᠢᠶᠠᠷ ᠨᠡᠮᠡᠭᠳᠡᠪᠡ᠃      3. ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠢ ᠳᠤ ᠪᠠᠨ ᠰᠠᠶᠢᠵᠢᠷᠠᠵᠤ᠂ ᠬᠡᠰᠡᠭ ᠲᠠᠰ ᠳᠡᠪᠰᠢᠭᠦᠯᠬᠦ ᠲᠥᠷᠥᠯ ᠤᠨ ᠲᠠᠸᠠᠷ ᠤᠨ ᠪᠣᠷᠤᠯᠠᠭᠤᠯᠭ᠎ᠠ ᠶᠢᠨ ᠨᠡᠮᠡᠭᠳᠡᠯ ᠰᠠᠶᠢᠨ ᠪᠠᠶᠢᠨ᠎ᠠ       1-5 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠤᠭᠰᠠᠨ ᠪᠥᠬᠦ ᠲᠤᠭ᠎ᠠ 2104.1 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 10.5% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 1.6% ᠪᠠᠷ ᠨᠡᠮᠡᠭᠳᠡᠪᠡ᠃ ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠤᠭᠰᠠᠨ ᠲᠤᠭ᠎ᠠ 2.4% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠤᠭᠰᠠᠨ ᠲᠤᠭ᠎ᠠ 3.6% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠤᠯᠠᠭᠤᠯᠭ᠎ᠠ ᠰᠠᠶᠢᠨ ᠪᠠᠶᠢᠵᠤ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 19.8% ᠪᠠᠷ ᠨᠡᠮᠡᠭᠳᠡᠵᠦ᠂ ᠤᠮᠳᠠᠭᠠᠨ ᠤ ᠲᠥᠷᠥᠯ 25.3% ᠪᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ 14.9% ᠪᠠᠷ ᠨᠡᠮᠡᠭᠳᠡᠪᠡ᠃ ᠳᠡᠰ ᠳᠡᠪᠰᠢᠭᠦᠯᠬᠦ ᠲᠥᠷᠥᠯ ᠤᠨ ᠲᠠᠸᠠᠷ ᠤᠨ ᠪᠣᠷᠤᠯᠠᠭᠤᠯᠭ᠎ᠠ ᠨᠡᠯᠢᠶᠡᠳ ᠲᠦᠷᠭᠡᠨ ᠢᠶᠠᠷ ᠨᠡᠮᠡᠭᠳᠡᠵᠦ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ 63.8% ᠪᠠᠷ ᠨᠡᠮᠡᠭᠳᠡᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 80.4% ᠪᠠᠷ ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠯᠡᠭᠡᠨ ᠤ ᠵᠦᠢᠯᠡᠰ ᠤᠨ ᠲᠥᠷᠥᠯ 67.8% ᠪᠠᠷ ᠨᠡᠮᠡᠭᠳᠡᠪᠡ᠃      4.ᠰᠠᠭᠤᠭᠠᠯᠢ ᠠᠷᠠᠳ ᠤᠨ ᠬᠡᠷᠡᠭᠯᠡᠭᠡᠨ ᠤ ᠣᠶᠢᠨ᠎ᠠ ᠬᠠᠩᠰᠢ ᠠᠭᠠᠵᠢᠮ ᠢᠶᠠᠷ ᠤᠶᠢᠰᠴᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠣᠶᠢᠨ᠎ᠠ ᠬᠠᠩᠰᠢ ᠶᠢᠨ ᠪᠠᠭᠤᠷᠠᠯᠲᠠ ᠪᠠᠭᠠᠰᠪᠠ     1-5 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠠᠳᠠᠯᠢ ᠬᠤᠭᠤᠴᠠᠭᠠᠨ ᠤ ᠬᠢ ᠠᠴᠠ 0.2% ᠢᠶᠠᠷ ᠥᠰᠴᠡᠢ᠂ ᠡᠭᠦᠨ ᠳᠤ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 0.2% ᠢᠶᠠᠷ ᠥᠰᠴᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 0.1% ᠪᠠᠷ ᠥᠰᠴᠡᠢ᠃ ᠲᠦᠷᠦᠯ ᠬᠤᠪᠢᠶᠠᠪᠠᠯ᠂ ᠢᠳᠡᠭᠡᠨ ᠪᠠ ᠠᠷᠢᠬᠢ ᠲᠠᠮᠠᠬᠢᠨ ᠤ ᠦᠨ᠎ᠡ ᠬᠠᠩᠰᠢ ᠠᠳᠠᠯᠢ ᠬᠤᠭᠤᠴᠠᠭᠠᠨ ᠤ  ᠬᠢ ᠠᠴᠠ 2.0% ᠢᠶᠠᠷ ᠪᠠᠭᠤᠷᠠᠵᠤ᠂ ᠬᠤᠪᠴᠠᠰᠤ ᠬᠤᠨᠠᠷ ᠤᠨ ᠦᠨ᠎ᠡ ᠬᠠᠩᠰᠢ 1.7% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ 0.2% ᠢᠶᠠᠷ ᠥᠰᠴᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 2.6% ᠪᠠᠷ ᠥᠰᠴᠦ᠂ ᠵᠠᠮ ᠬᠠᠷᠢᠯᠴᠠᠭ᠎ᠠ ᠪᠠ ᠴᠢᠮᠡᠭᠡ ᠬᠤᠯᠪᠣᠭᠠᠨ ᠤ ᠦᠨ᠎ᠡ ᠬᠠᠩᠰᠢ 0.1% ᠪᠠᠷ ᠥᠰᠴᠦ᠂ ᠰᠤᠷᠭᠠᠨ ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠦᠨ᠎ᠡ ᠬᠠᠩᠰᠢ 0.3% ᠪᠠᠷ ᠥᠰᠴᠦ᠂ ᠡᠮᠴᠢᠯᠡᠭᠡ ᠡᠷᠡᠭᠦᠯ ᠮᠡᠨᠳᠦ ᠶᠢᠨ ᠬᠠᠮᠠᠭᠠᠯᠠᠯ ᠤᠨ ᠦᠨ᠎ᠡ ᠬᠠᠩᠰᠢ 0.3% ᠪᠠᠷ ᠥᠰᠴᠦ᠂ ᠪᠤᠰᠤᠳ ᠡᠳ᠋ᠯᠡᠯ ᠬᠡᠷᠡᠭᠰᠡᠯ ᠪᠣᠯᠣᠨ ᠦᠢᠯᠡᠴᠢᠯᠡᠭᠡᠨ ᠤ ᠦᠨ᠎ᠡ ᠬᠠᠩᠰᠢ 5.1% ᠪᠠᠷ ᠥᠰᠴᠢ᠃ 1-5 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠨᠡᠶᠢᠲᠡ 0.6% ᠪᠠᠷ ᠥᠰᠴᠦ᠂ ᠨᠡᠮᠡᠭᠳᠡᠯ ᠤᠨ ᠬᠡᠮᠵᠢᠶ᠎ᠡ ᠨᠢ 1-4 ᠳ᠋ᠦ᠋ᠭᠡᠷ ᠰᠠᠷ᠎ᠠ ᠶᠢᠨ ᠬᠢ ᠠᠴᠠ 0.1 ᠵᠠᠭᠤᠨ ᠤ ᠴᠡᠭ ᠪᠠᠭᠤᠷᠠᠪᠠ︔ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠨᠡᠶᠢᠲᠡ 6.2% ᠢᠶᠠᠷ ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠨᠡᠶᠢᠲᠡ 4.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠣᠰ ᠲᠣᠰ 1-4 ᠳ᠋ᠦ᠋ᠭᠡᠷ ᠰᠠᠷ᠎ᠠ ᠶᠢᠨ ᠬᠢ ᠠᠴᠠ 0.8 ᠪᠠ 0.9 ᠵᠠᠭᠤᠨ ᠤ ᠴᠡᠭ ᠪᠠᠭᠠᠰᠪᠠ᠃      ᠶᠡᠷᠦᠩᠬᠡᠢ ᠳᠤ ᠨᠢ ᠠᠪᠴᠤ ᠦᠵᠡᠪᠡᠯ᠂ 1-5 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠨ ᠪᠠᠲᠤᠯᠠᠵᠤ᠂ ᠠᠵᠤ ᠦᠢᠯᠡᠳᠪᠦᠷᠢ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠴᠥᠮ ᠲᠣᠭᠲᠠᠭᠤᠨ ᠢᠶᠠᠷ ᠨᠡᠮᠡᠭᠳᠡᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠪᠠᠷ ᠠᠬᠢᠭᠤᠯᠪᠠ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠤᠷᠢᠳᠴᠢᠯᠠᠨ ᠬᠦᠴᠦᠯᠡᠵᠦ ᠪᠠᠶᠢᠭᠠᠳ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠠᠬᠤᠢ ᠶᠢᠨ ᠳᠡᠭᠡᠭᠰᠢᠯᠡᠵᠦ ᠰᠠᠶᠢᠵᠢᠷᠠᠬᠤ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠴᠢᠩᠭᠠᠳᠬᠠᠵᠤ᠂ ᠪᠦᠬᠦ ᠣᠷᠣᠨ ᠤ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号