︽ᠰᠢᠯᠢ ᠶᠢᠨ ᠭᠤᠣᠯ ᠠᠶᠢᠮᠠᠭ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ  ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠤᠨ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/6/27
       ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠰᠢᠯᠢ ᠶᠢᠨ ᠭᠤᠣᠯ ᠠᠶᠢᠮᠠᠭ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠠᠶᠢᠮᠠᠭ ᠤᠨ ᠵᠠᠬᠢᠷᠭ᠎ᠠ ᠠᠴᠠ 2023 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                            ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                                2023 ᠣᠨ ᠤ 1 ᠳ᠋ᠦ᠋ᠭᠡᠷ ᠰᠠᠷ᠎ᠠ ᠶᠢᠨ 9 ᠤ ᠡᠳᠦᠷ            ᠰᠢᠯᠢ ᠶᠢᠨ ᠭᠤᠣᠯ ᠠᠶᠢᠮᠠᠭ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶              ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ ᠠᠭᠤᠰᠤᠯᠳᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠪᠠ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠰᠢᠯᠢ ᠵᠠᠬᠢᠷᠭ᠎ᠠ ᠲᠠᠷᠬᠠᠭᠠᠭᠰᠠᠨ ︹ 2019 ︺ 31 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠵᠢᠷᠤᠮᠵᠢᠭᠤᠨ ᠪᠤᠰᠤ ᠪᠠᠶᠢᠳᠠᠯ ᠢ ᠳᠢᠭᠯᠡᠨ᠂ ᠵᠢᠵᠢᠭ ᠲᠠᠷᠠᠬᠠᠢ ᠠᠵᠤ ᠠᠬᠤᠶᠢᠯᠠᠯ ᠢ ᠴᠡᠭᠴᠡᠯᠡᠬᠦ ᠶᠢ ᠪᠠᠷᠢᠮᠲᠠᠯᠠᠨ᠂ ᠬᠦᠴᠦᠨ ᠢᠶᠠᠨ ᠲᠥᠪᠯᠡᠷᠡᠭᠦᠯᠦᠨ ᠪᠥᠬᠦ ᠠᠶᠢᠮᠠᠭ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠣᠨᠴᠣᠭᠤᠶᠢᠯᠠᠨ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃             ᠨᠢᠭᠡ᠂ ᠬᠠᠷᠢᠶ᠎ᠠ ᠭᠠᠵᠠᠷ ᠲᠤᠨᠢ ᠳᠠᠩᠰᠠᠯᠠᠭᠤᠯᠬᠤ ᠶᠢ ᠵᠣᠷᠢᠭᠵᠢᠭᠤᠯᠤᠨ᠎ᠠ             1. ᠢᠯᠴᠢ ᠶᠢᠨ ᠴᠠᠬᠢᠯᠭᠠᠨ ᠭᠠᠷᠭᠠᠬᠤ ᠲᠥᠷᠥᠯ ᠵᠦᠢᠯ ᠤᠨ ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ᠂ ᠨᠡᠭᠦᠷᠡᠰᠦ᠂ ᠥᠩᠭᠡᠲᠦ ᠲᠡᠮᠦᠷᠯᠢᠭ ᠤᠨ ᠠᠭᠤᠷᠬᠠᠢ ᠮᠠᠯᠲᠠᠬᠤ᠂ ᠪᠣᠷᠣᠯᠠᠭᠤᠯᠬᠤ᠂ ᠮᠠᠰᠢᠨ ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ᠂ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠬᠢᠵᠢᠭ ᠭᠡᠮ ᠢ ᠰᠡᠷᠭᠡᠶᠢᠯᠡᠨ ᠵᠠᠰᠠᠬᠤ᠂ ᠡᠪᠡᠰᠦ ᠪᠣᠷᠳᠤᠭ᠎ᠠ ᠨᠥᠭᠡᠴᠡᠯᠡᠬᠦ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠵᠢᠴᠢ ᠳᠡᠭᠡᠷᠡᠬᠢ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠯᠤᠭ᠎ᠠ ᠬᠤᠯᠪᠣᠭ᠎ᠠ ᠲᠠᠢ ᠵᠢᠷᠤᠭ ᠲᠥᠯᠥᠪᠯᠡᠭᠡ ᠶᠢᠨ ᠯᠠᠪᠯᠠᠯᠲᠠ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠠᠬᠤᠶᠢᠯᠠᠯ ᠢ ᠴᠢᠨᠠᠷ ᠰᠠᠶᠢᠲᠠᠢ ᠬᠥᠭᠵᠢᠭᠦᠯᠬᠦ  ᠶᠢ ᠳᠡᠮᠵᠢᠵᠦ ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠂ ᠰᠢᠯᠢ ᠶᠢᠨ ᠭᠤᠣᠯ ᠳᠤ ᠰᠠᠭᠤᠭ᠎ᠠ ᠬᠤᠶᠠᠳᠤᠭᠠᠷ ᠳᠡᠰ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠢ ᠳᠠᠩᠰᠠᠯᠠᠭᠤᠯᠤᠭᠰᠠᠨ ᠡᠳᠦᠷ ᠠᠴᠠ ᠡᠬᠢᠯᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠷᠣᠨ ᠨᠤᠲᠤᠭ ᠤᠨ GDP᠂ ᠭᠠᠶᠢᠯᠢ ᠲᠠᠲᠠᠪᠤᠷᠢ᠂ ᠠᠵᠢᠯ ᠣᠯᠭᠤᠯᠲᠠ ᠵᠡᠷᠭᠡ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠶᠡᠷᠦᠩᠬᠡᠶᠢᠯᠡᠭᠰᠡᠨ ᠬᠤᠪᠢ ᠨᠡᠮᠡᠷᠢ ᠶᠢ ᠦᠨᠳᠦᠰᠦᠯᠡᠨ᠂ ᠵᠣᠬᠢᠬᠤ ᠪᠡᠯᠡ ᠮᠥᠩᠭᠦᠨ ᠤ ᠱᠠᠩᠨᠠᠯ ᠣᠯᠭᠤᠨ᠎ᠠ᠃            ᠠᠵᠤ ᠠᠬᠤᠶᠢᠯᠠᠯ ᠨᠢ ᠬᠠᠷᠢᠶ᠎ᠠ ᠭᠠᠵᠠᠷ ᠲᠠᠭᠠᠨ ᠳᠠᠩᠰᠠᠯᠠᠭᠤᠯᠤᠭᠰᠠᠨ ᠤ ᠳᠠᠷᠠᠭ᠎ᠠ ᠡᠵᠡᠩᠨᠡᠯᠲᠡ ᠶᠢᠨ ᠣᠷᠣᠯᠭ᠎ᠠ ᠣᠯᠬᠤ ᠶᠢᠨ ᠬᠠᠮᠲᠤ ᠲᠣᠭᠲᠠᠭᠠᠯ     ᠶᠣᠰᠣᠭᠠᠷ ᠭᠠᠶᠢᠯᠢ ᠪᠠᠨ ᠲᠤᠰᠢᠶᠠᠪᠠᠯ᠂ ᠭᠡᠷ᠎ᠡ ᠲᠣᠭᠲᠠᠭᠰᠠᠨ ᠮᠥᠩᠭᠦᠨ ᠤ ᠲᠤᠭ᠎ᠠ ᠨᠢ 500 - 2000 ᠲᠦᠮᠡᠨ ᠲᠥᠭᠦᠷᠢᠭ ︵ᠪᠠᠭᠲᠠᠬᠤ ᠦᠭᠡᠢ︶᠂ 2000 - 5000 ᠲᠦᠮᠡᠨ ᠲᠥᠭᠦᠷᠢᠭ ︵ᠪᠠᠭᠲᠠᠬᠤ ᠦᠭᠡᠢ︶᠂ 5000 - 10000 ᠲᠦᠮᠡᠨ ᠲᠥᠭᠦᠷᠢᠭ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠠᠵᠤ ᠠᠬᠤᠶᠢᠯᠠᠯ ᠳᠤ ᠲᠣᠰ ᠲᠣᠰ 20 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠪᠡᠯᠡ ᠮᠥᠩᠭᠦᠨ ᠤ ᠱᠠᠩᠨᠠᠯ ᠣᠯᠭᠤᠵᠤ᠂ ᠵᠢᠭᠡᠯᠡᠯᠭᠡ ᠶᠢᠨ ᠬᠦᠦ ᠮᠥᠩᠭᠦ᠂   ᠠᠯᠪᠠᠨ ᠠᠵᠢᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠲᠦᠷᠢᠶᠡᠰᠦᠯᠡᠬᠦ ᠵᠡᠷᠭᠡ ᠳᠤ ᠬᠡᠷᠡᠭᠯᠡᠵᠦ ᠪᠣᠯᠣᠨ᠎ᠠ᠃ ᠭᠡᠷ᠎ᠡ ᠲᠣᠭᠲᠠᠭᠰᠠᠨ ᠮᠥᠩᠭᠦᠨ ᠤ ᠲᠤᠭ᠎ᠠ ᠨᠢ ᠣᠨᠴᠣᠭᠤᠢ ᠶᠡᠭᠡ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢᠶᠠᠷ ᠲᠣᠪᠣᠶᠢᠮ᠎ᠠ ᠴᠢᠬᠤᠯᠠ ᠶᠡᠭᠡ ᠲᠥᠷᠥᠯ  ᠵᠦᠢᠯ ᠳᠤ ︽ᠨᠢᠭᠡ ᠶᠠᠪᠤᠳᠠᠯ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃           [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠡᠷᠡᠭᠵᠢᠭᠦᠯᠬᠦ ᠭᠤᠣᠯ ᠴᠣᠭᠴᠠ᠄ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ]            ᠬᠤᠶᠠᠷ᠂ ᠳᠦᠷᠢᠮ ᠲᠣᠭᠲᠠᠭᠠᠯ ᠢ  ᠳᠡᠰ ᠳᠡᠪᠰᠢᠭᠦᠯᠦᠨ ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠬᠡᠯ  ᠳᠤ ᠣᠷᠣᠭᠤᠯᠬᠤ ᠶᠢ ᠵᠣᠷᠢᠭᠵᠢᠭᠤᠯᠤᠨ᠎ᠠ            2. ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ ᠬᠡᠪᠴᠢᠶᠡᠵᠢᠯ ᠠᠴᠠ ᠳᠡᠭᠡᠭᠰᠢᠬᠢ ᠪᠠᠷᠢᠮᠵᠢᠶᠠᠨ ᠳᠤ ᠬᠦᠷᠦᠭᠦᠯᠬᠦ ᠶᠢᠨ ᠬᠠᠮᠲᠤ ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠬᠡᠯ ᠳᠤ ᠣᠷᠣᠭᠤᠯᠬᠤ ᠶᠢ ᠪᠡᠶᠡᠯᠡᠭᠦᠯᠵᠦ᠂ 1 ᠵᠢᠯ ᠠᠴᠠ ᠳᠡᠭᠡᠭᠰᠢ ᠲᠣᠭᠲᠠᠭᠤᠨ ᠢᠶᠠᠷ ᠡᠵᠡᠩᠨᠡᠭᠰᠡᠨ ᠮᠥᠷᠲᠡᠭᠡᠨ ᠡᠵᠡᠩᠨᠡᠯᠲᠡ ᠶᠢᠨ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡᠯ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃           [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠡᠷᠡᠭᠵᠢᠭᠦᠯᠬᠦ ᠭᠤᠣᠯ ᠴᠣᠭᠴᠠ᠄ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ   ︵ᠬᠠᠮᠢᠶᠠᠷᠤᠯᠲᠠ ᠶᠢᠨ ᠵᠥᠪᠯᠡᠯ︶ ]            ᠭᠤᠷᠪᠠ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠨ᠎ᠡ            3.  ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠬᠡᠯ ᠳᠤ ᠣᠷᠣᠭᠤᠯᠤᠭᠰᠠᠨ ᠠᠵᠤ ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ  200  -  500 ᠲᠦᠮᠡᠨ ᠲᠥᠭᠦᠷᠢᠭ ︵ᠪᠠᠭᠲᠠᠬᠤ ᠦᠭᠡᠢ︶᠂ 500  -  1000 ᠲᠦᠮᠡᠨ ᠲᠥᠭᠦᠷᠢᠭ ︵ᠪᠠᠭᠲᠠᠬᠤ ᠦᠭᠡᠢ︶᠂ 1000 -  2000 ᠲᠦᠮᠡᠨ ᠲᠥᠭᠦᠷᠢᠭ ︵ᠪᠠᠭᠲᠠᠬᠤ ᠦᠭᠡᠢ︶᠂ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠬᠡᠪᠴᠢᠶᠡᠵᠢᠯ ᠠᠴᠠ ᠳᠡᠭᠡᠭᠰᠢᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠠᠬᠤᠶᠢᠯᠠᠯ᠂ ᠠᠵᠤ ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ ᠪᠥᠬᠦ ᠠᠶᠢᠮᠠᠭ ᠤᠨ ᠦᠢᠯᠡᠴᠢᠯᠡᠭᠡᠨ ᠤ  ᠦᠢᠯᠡᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠳᠠᠪᠠᠭᠰᠠᠨ ᠪᠠᠶᠢᠪᠠᠯ᠂ ᠲᠣᠰ ᠲᠣᠰ 5 ᠲᠦᠮᠡᠨ ᠲᠥᠭᠦᠷᠢᠭ᠂ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠠᠵᠤ ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ ᠪᠥᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢᠨ ᠠᠴᠠ 50% ᠪᠠᠷ ᠳᠠᠪᠠᠭᠰᠠᠨ ᠪᠠᠶᠢᠪᠠᠯ᠂ ᠲᠣᠰ ᠲᠣᠰ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃         [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠡᠷᠡᠭᠵᠢᠭᠦᠯᠬᠦ ᠭᠤᠣᠯ ᠴᠣᠭᠴᠠ᠄ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ]            ᠳᠥᠷᠪᠡ᠂  ᠳᠡᠮᠵᠢᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ            4. ᠱᠠᠩᠨᠠᠯ ᠤᠨ ᠪᠡᠯᠡ ᠮᠥᠩᠭᠦ ᠶᠢ ︽ᠰᠢᠯᠢ ᠶᠢᠨ ᠭᠤᠣᠯ ᠠᠶᠢᠮᠠᠭ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠠᠶᠢᠮᠠᠭ ᠤᠨ ᠲᠣᠰ ᠱᠠᠲᠤ ᠪᠣᠯᠣᠨ ᠬᠤᠰᠢᠭᠤ ᠰᠢᠶᠠᠨ ᠬᠤᠲᠠ ︵ᠣᠷᠣᠨ︶ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢᠶᠠᠷ ᠯᠠᠪᠯᠠᠯᠲᠠ ᠪᠣᠯᠭᠠᠵᠤ᠂ ᠲᠠᠰ ᠬᠤᠪᠢᠶᠠᠨ ᠡᠭᠦᠷᠭᠡᠯᠡᠬᠦ ᠠᠷᠭ᠎ᠠ ᠶᠢ ᠨᠢᠭᠡᠳᠦᠯᠲᠡᠢ ᠬᠡᠷᠡᠭᠵᠢᠭᠦᠯᠵᠦ᠂ ᠠᠶᠢᠮᠠᠭ ᠤᠨ ᠲᠣᠰ ᠱᠠᠲᠤᠨ ᠤ ᠪᠡᠯᠡ ᠮᠥᠩᠭᠦᠨ ᠤ ᠲᠥᠰᠥᠪ ᠲᠤ ᠲᠣᠬᠢᠷᠠᠭᠤᠯᠤᠭᠰᠠᠨ ᠠᠶᠢᠮᠠᠭ ᠤᠨ ᠱᠠᠲᠤᠨ ᠤ ᠦᠢᠯᠡᠴᠢᠯᠡᠭᠡᠨ ᠤ ᠦᠢᠯᠡᠰ ᠤᠨ ᠬᠥᠲᠥᠯᠥᠨ ᠵᠢᠯᠤᠭᠤᠳᠬᠤ ᠪᠡᠯᠡ ᠮᠥᠩᠭᠦᠨ ᠤ ᠳᠣᠲᠣᠷ᠎ᠠ ᠠᠴᠠ ᠲᠣᠬᠢᠷᠠᠭᠤᠯᠤᠨ᠎ᠠ᠃ ᠠᠵᠤ ᠠᠬᠤᠶᠢᠯᠠᠯ ᠳᠠᠩᠰᠠᠯᠠᠭᠤᠯᠤᠭᠰᠠᠨ᠂ ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠬᠡᠯ ᠳᠤ ᠣᠷᠣᠭᠤᠯᠤᠭᠰᠠᠨ ᠡᠳᠦᠷ ᠠᠴᠠ ᠡᠬᠢᠯᠡᠨ 1 ᠵᠢᠯ ︵12 ᠰᠠᠷ᠎ᠠ︶ ᠠᠴᠠ ᠳᠡᠭᠡᠭᠰᠢ᠂ ᠬᠠᠮᠢᠶ᠎ᠠ ᠪᠦᠬᠦᠢ ᠬᠤᠰᠢᠭᠤ ᠰᠢᠶᠠᠨ ᠬᠤᠲᠠ   ︵ᠣᠷᠣᠨ︶ ᠶᠢᠨ ᠭᠤᠶᠤᠴᠢᠯᠠᠯ ᠢᠶᠠᠷ ᠳᠠᠮᠵᠢᠨ᠂ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠭᠰᠡᠨ᠂ ᠡᠵᠡᠩᠨᠡᠯᠲᠡ ᠶᠢᠨ ᠣᠷᠣᠯᠭ᠎ᠠ᠂ ᠭᠠᠶᠢᠯᠢ ᠪᠠᠨ ᠲᠤᠰᠢᠶᠠᠭᠰᠠᠨ ᠵᠡᠷᠭᠡ ᠡᠵᠡᠩᠨᠡᠯᠲᠡ ᠶᠢᠨ ᠠᠮᠵᠢᠯᠲᠠ ᠪᠦᠲᠦᠮᠵᠢ ᠶᠢᠨ ᠪᠠᠶᠢᠳᠠᠯ ᠢ ᠦᠨᠳᠦᠰᠦᠯᠡᠨ᠂ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠳᠤ ᠱᠠᠩᠨᠠᠯ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠡᠯ᠎ᠡ ᠭᠠᠵᠠᠷ ᠣᠷᠣᠨ ᠨᠤᠭᠤᠳ ᠪᠣᠳᠠᠲᠠᠢ ᠱᠠᠩᠨᠠᠬᠤ ᠠᠷᠭ᠎ᠠ ᠲᠣᠭᠲᠠᠭᠠᠬᠤ ᠶᠢ ᠬᠠᠷᠢᠭᠤᠴᠠᠨ᠂ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃             5᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠨᠲᠡ ᠲᠣᠭᠲᠠᠭᠠᠭᠰᠠᠨ ᠡᠯ᠎ᠡ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠢᠮᠠᠭ ᠤᠨ ᠳᠣᠲᠣᠷ᠎ᠠ ᠳᠠᠩᠰᠠᠯᠠᠭᠤᠯᠤᠭᠰᠠᠨ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠢ ᠳᠡᠮᠵᠢᠵᠦ᠂ ᠠᠳᠠᠯᠢ ᠨᠥᠬᠦᠴᠡᠯ ᠤᠨ ᠳᠣᠣᠷ᠎ᠠ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠶᠢᠨ ᠲᠤᠬᠠᠢ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠭᠡᠨ᠎ᠡ᠃            6᠂ ᠡᠯ᠎ᠡ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠵᠠᠷᠴᠢᠮ ᠳᠤ ᠨᠡᠶᠢᠴᠡᠭᠦᠯᠵᠦ᠂ ᠭᠠᠵᠠᠷ ᠰᠢᠷᠣᠢ ᠶᠢᠨ ᠴᠢᠬᠤᠯᠠ ᠬᠦᠴᠦᠨ ᠵᠦᠢᠯ ᠨᠢ ᠲᠦᠷᠦᠯ ᠵᠦᠢᠯ ᠢᠶᠠᠨ ᠳᠠᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ  ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠤ ᠦᠢᠯᠡᠰ ᠤᠨ ᠲᠦᠷᠦᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠢᠨᠠᠨ ᠪᠠᠶᠢᠴᠠᠭᠠᠬᠤ ᠮᠠᠲ᠋ᠧᠷᠢᠶᠠᠯ ᠢᠶᠠᠨ ᠴᠣᠮᠬᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠨᠢᠭᠡᠳᠦᠯᠲᠡᠢ ᠲᠥᠯᠥᠪᠵᠢᠭᠦᠯᠦᠨ ᠬᠤᠷᠢᠶᠠᠵᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠲᠥᠷᠥᠯ ᠵᠦᠢᠯ ᠤᠨ ᠭᠠᠵᠠᠷ ᠰᠣᠩᠭᠤᠬᠤ ᠣᠨᠣᠪᠴᠢ ᠶᠢᠨ ᠬᠡᠮᠵᠢᠶ᠎ᠡ ᠪᠠ ᠰᠢᠨᠵᠢᠯᠡᠬᠦ ᠤᠬᠠᠭᠠᠨᠴᠢ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃            7. ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ ᠠᠵᠢᠯ ᠲᠥᠷᠥᠯ ᠤᠨ ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠵᠤ᠂ ᠭᠡᠰᠢᠭᠦᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠢ ᠳᠡᠮᠵᠢᠵᠦ᠂ ᠠᠳᠠᠯᠢ ᠨᠥᠬᠦᠴᠡᠯ ᠤᠨ ᠳᠣᠣᠷ᠎ᠠ ᠭᠡᠰᠢᠭᠦᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠦᠢᠯᠡᠳᠬᠦᠨ ᠪᠠ ᠦᠢᠯᠡᠴᠢᠯᠡᠭᠡ ᠶᠢ ᠤᠷᠢᠳᠠᠪᠠᠷ ᠬᠤᠳᠠᠯᠳᠤᠨ ᠠᠪᠤᠨ᠎ᠠ᠃           [ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠢᠶᠠᠨ ᠬᠤᠪᠢᠶᠠᠷᠢᠯᠠᠨ  ᠬᠠᠷᠢᠭᠤᠴᠠᠨ᠎ᠠ᠂ ᠬᠡᠷᠡᠭᠵᠢᠭᠦᠯᠬᠦ ᠭᠤᠣᠯ ᠴᠣᠭᠴᠠ᠄ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ    ︵ᠬᠠᠮᠢᠶᠠᠷᠤᠯᠲᠠ ᠶᠢᠨ ᠵᠥᠪᠯᠡᠯ︶ ]          ᠲᠠᠪᠤ᠂ ᠳᠠᠭᠠᠯᠳᠤᠭᠤᠯᠤᠯ ᠳᠦᠷᠢᠮ            ᠠᠶᠢᠮᠠᠭ ᠤᠨ ᠲᠣᠰ ᠱᠠᠲᠤᠨ ᠤ ᠨᠢᠭᠡᠨᠲᠡ ᠲᠣᠭᠲᠠᠭᠠᠭᠰᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠨᠢ ᠲᠣᠰ ᠲᠥᠷᠥ ᠶᠢᠨ ᠪᠣᠳᠣᠯᠭ᠎ᠠ ᠲᠠᠢ ᠨᠢᠭᠡᠳᠦᠯ ᠦᠭᠡᠢ ᠪᠠᠶᠢᠪᠠᠯ᠂ ᠠᠳᠠᠯᠢ ᠨᠢᠭᠡᠨ ᠤᠴᠢᠷ ᠶᠠᠪᠤᠳᠠᠯ ᠨᠢ ᠣᠯᠠᠨ ᠵᠦᠢᠯ ᠤᠨ ᠲᠤᠰᠠᠯᠠᠵᠤ ᠲᠡᠳᠬᠦᠬᠦ ᠲᠥᠷᠥ ᠶᠢᠨ ᠪᠣᠳᠣᠯᠭ᠎ᠠ ᠳᠤ ᠬᠤᠯᠪᠣᠭᠳᠠᠪᠠᠯ᠂  ᠬᠠᠮᠤᠭ ᠥᠨᠳᠥᠷ ᠱᠠᠩᠨᠠᠯ ᠤᠨ ᠮᠥᠩᠭᠦ ᠶᠢ   ᠨᠢ ᠣᠯᠭᠤᠵᠤ ᠳᠠᠪᠬᠤᠷᠳᠠᠭᠤᠯᠬᠤ ᠦᠭᠡᠢ ᠪᠠᠶᠢᠯᠭᠠᠨ᠎ᠠ  ᠃ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠤᠯᠤᠰ ᠤᠨ ᠲᠤᠭ᠎ᠠ ᠪᠦᠷᠢᠳᠬᠡᠯ ᠤᠨ ᠲᠠᠪᠴᠠᠩ ᠤᠨ  ᠪᠠᠲᠤᠯᠠᠨ ᠲᠣᠭᠲᠠᠭᠠᠭᠰᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠬᠤ ᠶᠢᠨ ᠬᠠᠮᠲᠤ ᠪᠦᠷᠢᠨ ᠲᠡᠭᠦᠯᠳᠡᠷ ᠲᠤᠭ᠎ᠠ ᠪᠦᠷᠢᠳᠬᠡᠯ ᠤᠨ ᠡᠬᠡ ᠲᠠᠩᠰᠠ ᠪᠠ ᠮᠠᠲ᠋ᠧᠷᠢᠶᠠᠯ ᠢᠶᠠᠷ ᠭᠡᠷᠡᠴᠢ ᠪᠣᠯᠭᠠᠬᠤ ᠬᠡᠷᠡᠭᠲᠡᠢ᠃ ᠲᠤᠬᠠᠢ ᠶᠢᠨ ᠵᠢᠯ ᠳᠤ ᠠᠶᠤᠯᠭᠦᠢ ᠶᠢᠨ ᠦᠢᠯᠡᠳᠪᠦᠷᠢᠯᠡᠯ᠂ ᠣᠷᠴᠢᠨ ᠲᠣᠭᠤᠷᠢᠨ ᠤ ᠪᠣᠬᠢᠷᠲᠤᠯ ᠵᠡᠷᠭᠡ ᠣᠨᠴᠠ ᠶᠡᠭᠡ ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠤᠶᠤ ᠡᠯ᠎ᠡ ᠱᠠᠲᠤᠨ ᠤ ᠢᠲᠡᠭᠡᠮᠵᠢ ᠠᠯᠳᠠᠭᠰᠠᠨ ᠬᠠᠷ᠎ᠠ ᠲᠠᠩᠰᠠᠨ ᠳᠤ ᠵᠢᠭᠰᠠᠭᠠᠭᠳᠠᠭᠰᠠᠨ ᠮᠥᠷᠲᠡᠭᠡᠨ ᠰᠡᠷᠭᠦᠭᠡᠳᠦᠢ ᠠᠵᠤ ᠠᠬᠤᠶᠢᠯᠠᠯ ᠳᠤ ᠲᠣᠰ ᠲᠥᠷᠥ ᠶᠢᠨ ᠪᠣᠳᠣᠯᠭ᠎ᠠ ᠶᠢ ᠬᠦᠷᠲᠡᠭᠡᠬᠦ ᠦᠭᠡᠢ᠃ ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ ᠨᠢ 2 ᠵᠢᠯ ᠪᠣᠯᠣᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠬᠠᠮᠢᠶ᠎ᠠ ᠪᠦᠬᠦᠢ ᠲᠣᠭᠲᠠᠭᠠᠯ ᠨᠡᠶᠢᠲᠡᠯᠡᠪᠡᠯ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃ ᠲᠣᠰ ᠠᠷᠭ᠎ᠠ ᠬᠡᠮᠵᠢᠶ᠎ᠡ ᠶᠢ ᠠᠶᠢᠮᠠᠭ ᠤᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠠᠵᠢᠯ ᠤᠨ ᠳᠤᠭᠤᠶᠢᠯᠠᠩ ᠤᠨ ᠠᠯᠪᠠᠨ ᠭᠡᠷ ︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ ᠠᠴᠠ ᠬᠠᠷᠢᠭᠤᠴᠠᠨ ᠲᠠᠶᠢᠯᠪᠤᠷᠢᠯᠠᠨ᠎ᠠ᠃    
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号