ᠠᠶᠢᠮᠠᠭ ᠤᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ ᠬᠢᠨ ᠮᠠᠨ ᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ  ᠬᠦᠨᠵᠡᠭᠡᠶᠢᠷᠡᠨ ᠰᠤᠷᠤᠭᠴᠢᠳ ᠢ ᠲᠤᠬᠤᠨᠢᠭᠤᠯᠪᠠ
ᠨᠡᠶᠢᠲᠡᠯᠡᠭᠰᠡᠨ ᠴᠠᠭ᠄
2024/6/3
                                              5 ᠰᠠᠷ᠎ᠠ ᠶᠢᠨ 28᠎ ᠤ ᠦᠳᠡ ᠶᠢᠨ ᠬᠤᠶᠢᠨ᠎ᠠ᠂ ᠰᠢᠯᠢ ᠶᠢᠨ ᠭᠤᠣᠯ ᠠᠶᠢᠮᠠᠭ ᠤᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ  ᠪᠠᠶᠢᠩᠭᠤ ᠶᠢᠨ ᠳᠡᠳ᠋ ᠡᠷᠬᠢᠯᠡᠭᠴᠢ ᠣᠶᠤᠨᠴᠢᠮᠡᠭ ᠨᠠᠷ  ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ  ᠬᠦᠨᠵᠡᠭᠡᠶᠢᠷᠡᠨ  ︽ᠳᠤᠮᠳᠠᠳᠤ ᠤᠯᠤᠰ ᠤᠨ ᠰᠡᠬᠡᠭᠡᠲᠡᠨ ᠵᠠᠯᠠᠭᠤᠴᠤᠳ  ᠎ ᠤᠨ ᠥᠪᠥᠷ ᠮᠣᠩᠭᠤᠯ ᠤᠨ ᠵᠢᠷᠠ ᠶᠢᠰᠦᠳᠦᠭᠡᠷ ᠦᠷᠡᠭᠳᠡᠭᠰᠡᠨ ᠪᠠᠭᠠᠲᠤᠷᠴᠤᠳ ᠤᠨ ᠳᠤᠮᠳᠠ ᠠᠩᠭᠢ︾᠎ ᠶᠢᠨ ᠰᠤᠷᠤᠭᠴᠢᠳ ᠢ ᠲᠣᠬᠤᠨᠢᠭᠤᠯᠬᠤ ᠠᠵᠢᠯᠯᠠᠭ᠎ᠠ  ᠦᠷᠨᠢᠭᠦᠯᠪᠡ᠃
       ᠠᠵᠢᠯᠯᠠᠭᠠᠨ ᠳᠤ᠂ ᠠᠶᠢᠮᠠᠭ ᠤᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ  ᠪᠠᠶᠢᠩᠭᠤ ᠶᠢᠨ ᠳᠡᠳ᠋ ᠡᠷᠬᠢᠯᠡᠭᠴᠢ ᠣᠶᠤᠨᠴᠢᠮᠡᠭ ᠶᠠᠷᠢᠶ᠎ᠠ  ᠲᠠᠯᠪᠢᠵᠤ᠂ ᠰᠤᠷᠤᠭᠴᠢᠳ ᠢ  ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠂ ︽ᠳᠤᠮᠳᠠᠳᠤ ᠤᠯᠤᠰ ᠤᠨ ᠰᠡᠬᠡᠭᠡᠲᠡᠨ ᠵᠠᠯᠠᠭᠤᠴᠤᠳ ᠤᠨ ᠥᠪᠥᠷ ᠮᠣᠩᠭᠤᠯ ᠤᠨ ᠵᠢᠷᠠ ᠶᠢᠰᠦᠨ ᠦᠷᠡᠭᠳᠡᠭᠰᠡᠨ ᠪᠠᠭᠠᠲᠤᠷᠴᠤᠳ ᠤᠨ ᠳᠤᠮᠳᠠ ᠠᠩᠭᠢ︾᠎ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠤᠷᠤᠭᠴᠢᠳ ᠤᠨ ᠰᠠᠶᠢᠲᠤᠷ ᠰᠤᠷᠤᠯᠴᠠᠵᠤ ᠡᠳᠦᠷ ᠠᠴᠠ ᠡᠳᠦᠷ ᠥᠭᠡᠳᠡᠯᠡᠨ ᠳᠠᠪᠰᠢᠬᠤ ᠎ ᠶᠢ  ᠵᠦᠩᠨᠡᠭᠰᠡᠨ ᠪᠠᠶᠢᠨ᠎ᠠ᠃
 
    ᠳᠠᠷᠠᠭ᠎ᠠ ᠨᠢ ᠤᠳᠤᠷᠢᠳᠤᠯᠭ᠎ᠠ ᠨᠠᠷ  ᠎ ᠠᠴᠠ ︽ᠳᠤᠮᠳᠠᠳᠤ ᠤᠯᠤᠰ ᠤᠨ ᠰᠡᠬᠡᠭᠡᠲᠡᠨ ᠵᠠᠯᠠᠭᠤᠴᠤᠳ ᠤᠨ ᠥᠪᠥᠷ ᠮᠣᠩᠭᠤᠯ ᠤᠨ ᠵᠢᠷᠠ ᠶᠢᠰᠦᠳᠦᠭᠡᠷ ᠦᠷᠡᠭᠳᠡᠭᠰᠡᠨ ᠪᠠᠭᠠᠲᠤᠷᠴᠤᠳ ᠤᠨ ᠳᠤᠮᠳᠠ ᠠᠩᠭᠢ︾᠎ ᠶᠢᠨ ᠪᠥᠬᠦ ᠰᠤᠷᠤᠭᠴᠢᠳ ᠲᠤ ᠪᠠᠶᠠᠷ ᠤᠨ ᠡᠳᠦᠷ ᠤᠨ ᠵᠥᠩᠨᠡᠯ ᠤᠷᠢᠳᠴᠢᠯᠠᠨ  ᠳᠡᠪᠰᠢᠭᠦᠯᠵᠦ᠂  ᠲᠤᠬᠤᠨᠢᠭᠤᠯᠭ᠎ᠠ ᠶᠢᠨ  ᠪᠣᠳᠠᠰ ᠭᠠᠷᠳᠠᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号