ᠶᠡᠷᠦᠩᠬᠡᠢ ᠪᠡᠯᠡ ᠣᠷᠣᠭᠤᠯᠤᠯᠲᠠ ᠨᠢ 3.37 ᠳ᠋ᠦᠩᠰᠢᠭᠤᠷ ᠲᠥᠭᠦᠷᠢᠭ ᠪᠠᠷᠠᠭᠤᠨ ᠦᠵᠦᠮᠦᠴᠢᠨ ᠬᠤᠰᠢᠭᠤᠨ ᠤ ᠲᠣᠰ ᠨᠠᠰᠣᠲᠠᠨ ᠢ ᠠᠰᠠᠷᠠᠬᠤ  ᠬᠦᠷᠢᠶᠡᠯᠡᠩ ᠤᠨ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠭᠤᠣᠯ ᠴᠣᠭᠴᠠ ᠶᠢᠨ ᠠᠵᠢᠯ ᠨᠢᠭᠡᠨᠲᠡ ᠳᠠᠭᠤᠰᠪᠠ
ᠨᠡᠶᠢᠲᠡᠯᠡᠭᠰᠡᠨ ᠴᠠᠭ᠄
2024/6/4
     ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠣᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠨᠠᠰᠤᠵᠢᠯ ᠤᠨ ᠦᠢᠯᠡᠴᠢᠯᠡᠭᠡᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠨᠠᠰᠤᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠠᠶ᠋ᠬᠠᠭᠤᠯᠠ ᠨᠠᠰᠣᠲᠠᠨ ᠢ ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠡᠬᠢᠯᠡᠭᠦᠯᠦᠨ ᠬᠡᠷᠡᠭᠵᠢᠭᠦᠯᠪᠡ᠃
        ᠣᠶᠢᠷ᠎ᠠ ᠶᠢᠨ ᠡᠳᠦᠷ᠂ ᠰᠤᠷᠪᠤᠯᠵᠢᠯᠠᠭᠴᠢ ᠶᠠᠩ ᠭᠤᠸᠠᠩ ᠰᠠᠭᠤᠭᠠᠯᠢ ᠲᠣᠭᠤᠷᠢᠭ ᠤᠨ ᠵᠡᠭᠦᠨ ᠲᠠᠯ᠎ᠠ ᠳᠤ ᠰᠢᠨ᠎ᠡ ᠪᠠᠷ ᠪᠠᠶᠢᠭᠤᠯᠵᠤ ᠪᠠᠶᠢᠭ᠎ᠠ ᠪᠠᠶ᠋ᠬᠠᠭᠤᠯᠠ ᠨᠠᠰᠣᠲᠠᠨ ᠢ ᠠᠰᠠᠷᠠᠬᠤ ᠬᠦᠷᠢᠶᠡᠯᠡᠩ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠬᠦᠷᠴᠦ᠂ ᠲᠥᠷᠥᠯ ᠵᠦᠢᠯ ᠤᠨ ᠭᠤᠣᠯ ᠴᠣᠭᠴᠠᠲᠤ ᠪᠠᠷᠢᠯᠭ᠎ᠠ ᠨᠢᠭᠡᠨᠲᠡ ᠡᠬᠢᠯᠡᠵᠦ᠂ ᠪᠠᠷᠢᠯᠭ᠎ᠠ ᠶᠢᠨ ᠠᠵᠢᠯᠲᠠᠳ ᠶᠠᠭ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠪᠠ ᠪᠠᠷᠢᠮᠵᠢᠶ᠎ᠠ ᠶᠣᠰᠣᠭᠠᠷ ᠡᠮᠬᠢ ᠵᠢᠷᠤᠮ ᠲᠠᠢ ᠠᠵᠢᠯᠯᠠᠵᠣ᠂ ᠪᠠᠷᠢᠯᠭ᠎ᠠ ᠶᠢᠨ ᠶᠠᠰᠤ ᠴᠢᠨᠠᠷ ᠪᠠ ᠠᠬᠢᠴᠠ ᠶᠢ ᠦᠨᠡᠨ ᠬᠦ ᠪᠠᠲᠤᠯᠠᠵᠤ ᠪᠠᠶᠢᠬᠤ ᠶᠢ ᠣᠯᠵᠤ ᠬᠠᠷᠠᠪᠠ᠃ ᠡᠭᠦᠨ ᠤ ᠵᠡᠷᠭᠡ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠦ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠭᠰᠡᠨ ᠪᠠᠶᠢᠨ᠎ᠠ᠃
     ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ 2022 ᠣᠨ ᠤ 12 ᠰᠠᠷ᠎ᠠ ᠳᠤ ᠠᠵᠢᠯ ᠡᠬᠢᠯᠡᠭᠦᠯᠦᠨ ᠪᠠᠶᠢᠭᠤᠯᠤᠭᠰᠠᠨ ᠠᠴᠠ ᠨᠠᠰᠢ ᠤᠷᠤᠭᠰᠢᠲᠠᠢ ᠶᠠᠪᠤᠭᠳᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠎ ᠨᠢ 3.37 ᠳ᠋ᠦᠩᠰᠢᠭᠤᠷ ᠲᠥᠭᠦᠷᠢᠭ ᠪᠠᠶᠢᠵᠤ᠂ ᠪᠠᠷᠢᠯᠭ᠎ᠠ ᠶᠢᠨ ᠶᠡᠷᠦᠩᠬᠡᠢ ᠲᠠᠯᠠᠪᠠᠶ ᠨᠢ 63243ᠲᠡᠭᠰᠢ ᠳᠥᠷᠪᠡᠯᠵᠢᠨ ᠮᠧᠲᠷ ᠂ ᠬᠡᠷᠡᠭᠯᠡᠬᠦ ᠭᠠᠵᠠᠷ ᠤᠨ ᠶᠡᠷᠦᠩᠬᠡᠢ ᠲᠠᠯᠠᠪᠠᠶ ᠨᠢ 48330 ᠲᠡᠭᠰᠢ ᠳᠥᠷᠪᠡᠯᠵᠢᠨ ᠮᠧᠲᠷ ᠲᠤ ᠬᠦᠷᠴᠦ᠂ 2024 ᠣᠨ ᠳᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠳᠠᠭᠤᠰᠬᠠᠬᠤ ᠶᠢᠨ ᠬᠠᠮᠲᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠨ ᠪᠠᠶᠢᠭᠤᠯᠵᠤ᠂ ᠵᠢᠱᠢᠯᠲᠡ ᠪᠠᠷ 2025 ᠣᠨ ᠳᠤ ᠠᠰᠢᠭᠯᠠᠯᠲᠠ ᠳᠤ ᠣᠷᠣᠭᠤᠯᠬᠤ ᠪᠠᠷ ᠪᠣᠢ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ 1086  ᠨᠠᠰᠣᠲᠠᠨ ᠤ ᠠᠰᠠᠷᠠᠮᠵᠢ ᠶᠢᠨ ᠣᠷᠣ ᠬᠠᠩᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠨᠠᠰᠣᠲᠠᠨ ᠤ ᠠᠰᠠᠷᠠᠮᠵᠢ ᠶᠢᠨ ᠨᠡᠶᠢᠲᠡ ᠶᠢᠨ ᠪᠠᠶᠢᠷᠢ᠂  ᠨᠠᠰᠣᠲᠠᠨ ᠤ ᠠᠰᠠᠷᠠᠮᠵᠢ ᠶᠢᠨ ᠬᠦᠷᠢᠶᠡᠯᠡᠩ᠂ ᠠᠵᠢᠯᠯᠠᠭᠠᠨ ᠤ ᠲᠥᠪ᠂ ᠠᠭᠤᠳᠠᠮ ᠲᠠᠯᠠᠪᠠᠢ᠂ ᠶᠡᠷᠦᠩᠬᠡᠶᠢᠯᠡᠭᠰᠡᠨ ᠠᠰᠠᠷ ᠵᠡᠷᠭᠡ ᠰᠠᠭᠤᠷᠢ ᠲᠥᠬᠦᠭᠡᠷᠦᠮᠵᠢ ᠵᠢᠴᠢ ᠣᠶᠤᠨᠲᠤ ᠨᠠᠰᠤᠵᠢᠯ ᠤᠨ ᠠᠰᠠᠷᠠᠮᠵᠢ ᠶᠢᠨ ᠵᠢᠯᠤᠭᠤᠳᠬᠤ ᠲᠥᠪ᠂ ᠡᠳᠦᠷ ᠲᠤᠲᠤᠮ ᠤᠨ ᠬᠠᠷᠠᠭᠠᠯᠵᠠᠬᠤ ᠲᠥᠪ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠵᠡᠷᠭᠡ ᠴᠢᠳᠠᠮᠵᠢᠲᠤ ᠲᠠᠰᠤᠭ ᠪᠠᠭᠲᠠᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠳᠣᠪᠴᠢᠶᠠᠨ ᠤ ᠳᠡᠳ᠋ ᠳᠠᠷᠤᠭ᠎ᠠ ᠢᠦᠢ ᠯᠢ ᠵᠢᠤᠸᠠᠨ᠄ ︽ᠪᠠᠶᠠᠨᠠᠭᠤᠯᠠ ᠨᠠᠰᠣᠲᠠᠨ ᠤ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠤᠭᠰᠠᠨ ᠤ ᠳᠠᠷᠠᠭ᠎ᠠ᠂  ᠨᠠᠰᠣᠲᠠᠨ ᠤ ᠠᠰᠠᠷᠠᠮᠵᠢ ᠶᠢᠨ ᠣᠶᠤᠨᠴᠢ ᠦᠢᠯᠡᠴᠢᠯᠡᠭᠡ ᠪᠠᠷ ᠳᠡᠮᠵᠢᠵᠦ᠂ ᠨᠠᠰᠣᠲᠠᠨ ᠢ ᠠᠰᠠᠷᠠᠬᠤ᠂ ᠨᠠᠰᠤᠲᠠᠨ ᠢᠶᠠᠨ ᠬᠦᠨᠳᠦᠯᠡᠬᠦ᠂ ᠨᠠᠶᠢᠳᠠᠨ ᠠᠰᠠᠷᠠᠭᠤᠯᠬᠤ ᠵᠢᠴᠢ ᠪᠤᠰᠤᠳ ᠨᠠᠰᠤᠵᠢᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠴᠢᠨᠠᠷᠲᠠᠢ ᠨᠠᠰᠣᠲᠠᠨ ᠤ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠵᠤ᠂ ᠮᠠᠨ ᠤ ᠬᠤᠰᠢᠭᠤᠨ ᠤ  ᠨᠠᠰᠣᠲᠠᠨ ᠤ ᠠᠰᠠᠷᠠᠮᠵᠢ ᠶᠢᠨ ᠦᠢᠯᠡᠰ ᠤᠨ ᠰᠠᠭᠤᠷᠢ ᠲᠥᠬᠦᠭᠡᠷᠦᠮᠵᠢ ᠶᠢᠨ ᠲᠠᠰ ᠳᠡᠪᠰᠢᠬᠦ ᠎ ᠶᠢ ᠠᠬᠢᠭᠤᠯᠵᠤ᠂ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠥᠮᠥᠨ ᠠᠮᠠ ᠶᠢᠨ ᠨᠠᠰᠤᠵᠢᠯᠲᠠ ᠶᠢᠨ ᠶᠠᠪᠤᠴᠠ ᠳᠤ ᠢᠯᠡᠷᠡᠭᠰᠡᠨ ᠵᠥᠷᠢᠴᠡᠯ ᠪᠠ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ  ᠠᠬᠢᠭᠤᠯᠬᠤ ᠪᠣᠯᠣᠨ᠎ᠠ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号