ᠣᠩᠭᠤᠨ ᠭᠠᠴᠠᠭᠠᠨ ᠳᠤ ᠮᠣᠩᠭᠤᠯ ᠮᠣᠷᠢᠨ ᠤ ᠬᠤᠯᠪᠣᠭᠠᠳᠣ ᠣᠷᠣᠯᠳᠣᠭᠠᠨ ᠶᠠᠪᠣᠭᠳᠠᠪᠠ
ᠨᠡᠶᠢᠲᠡᠯᠡᠭᠰᠡᠨ ᠴᠠᠭ᠄
2024/6/4
      ᠨᠠᠷᠠ ᠬᠤᠷ᠎ᠠ ᠲᠡᠩᠴᠡᠭᠰᠡᠨ 6 ᠰᠠᠷ᠎ᠠ ᠶᠢᠨ 3᠎ ᠳᠤ  ︽ᠮᠣᠩᠭᠤᠯ ᠮᠣᠷᠢᠨ ᠤ ᠵᠣᠷᠢᠭ ᠰᠠᠨᠠᠭ᠎ᠠ︾ ᠬᠤᠨᠳᠠᠭᠠᠳᠣ ᠮᠣᠷᠢᠨ ᠣᠷᠣᠯᠳᠣᠭᠠᠨ᠂ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠣᠨ ᠤ ᠣᠩᠭᠤᠨ ᠭᠠᠴᠠᠭᠠᠨ ᠤ ᠰᠢᠨ᠎ᠡ ᠪᠠᠷ ᠪᠠᠶᠢᠭᠤᠯᠤᠭᠰᠠᠨ ᠠᠩᠬᠠᠳᠠᠭᠴᠢ ︽ᠣᠩᠭᠤᠨ ᠵᠣᠰᠠᠭᠠᠯ︾ ᠵᠣᠭᠠᠴᠠᠯ ᠤᠨ ᠴᠡᠭ ᠲᠤ ᠶᠠᠪᠣᠭᠳᠠᠪᠠ᠃       ᠭᠤᠷᠣᠬᠠᠨ ᠪᠠᠯᠭᠠᠰᠣᠨ ᠠᠴᠠ ᠵᠣᠬᠢᠶᠠᠨ ᠪᠠᠶᠢᠭᠤᠯᠵᠤ ᠡᠷᠬᠢᠯᠡᠭᠰᠡᠨ ︽ᠲᠣᠮᠳᠠᠳᠣ ᠶᠢᠨ ᠦᠨᠳᠦᠰᠦᠳᠡᠨ ᠨᠢᠭᠡ ᠭᠡᠷ ᠮᠡᠳᠦ ᠲᠣᠳᠣᠨᠣ᠂ ᠰᠡᠳᠬᠢᠯ ᠨᠢᠭᠡᠳᠦᠨ ᠲᠣᠮᠳᠠᠳᠣ ᠶᠢᠨ ᠬᠦᠰᠡᠯᠡᠩ ᠢ ᠬᠠᠮᠳᠣ ᠪᠠᠷ ᠲᠡᠷᠭᠡᠯᠰᠢᠭᠦᠯᠬᠦ︾ ᠡᠨᠡ ᠣᠳᠠᠭᠠᠨ ᠤ ᠰᠣᠶᠣᠯ ᠤᠨ ᠡᠭᠦᠳᠦᠯᠳᠡ ᠶᠢᠨ ᠠᠳᠠᠯᠢᠳᠬᠠᠨ ᠰᠢᠯᠭᠠᠷᠠᠭᠤᠯᠬᠤ ᠣᠷᠣᠯᠳᠣᠭᠠᠨ ᠳᠤ ᠪᠦᠳᠦᠭᠦᠨ ᠮᠣᠷᠢᠨ ᠤ ᠲᠣᠭᠤᠷᠢᠭ ᠡᠷᠬᠢᠬᠦ ᠪᠠ ᠲᠣᠭᠤᠶᠢᠯᠠᠩ ᠬᠤᠪᠢᠶᠠᠵᠣ ᠬᠦᠴᠦᠨ ᠵᠠᠯᠭᠠᠬᠤ ᠮᠣᠷᠢᠨ ᠣᠷᠣᠯᠳᠣᠭᠠᠨ᠂ ᠴᠠᠭᠠᠨ ᠢᠳᠡᠭᠡᠨ ᠤ ᠲᠡᠯᠭᠡᠨ ᠦᠵᠡᠭᠦᠯᠦᠯᠭᠡ᠂ ᠭᠠᠷ ᠣᠷᠠᠯᠠᠯ ᠵᠡᠷᠭᠡ ᠦᠪᠡᠷᠮᠢᠴᠡ ᠣᠨᠴᠠᠯᠢᠭ ᠲᠠᠢ ᠣᠷᠣᠯᠳᠣᠭᠠᠨ ᠡᠷᠬᠢᠯᠡᠵᠤ᠂ ᠲᠡᠰ ᠬᠤᠪᠢᠶᠠᠨ ᠱᠠᠩᠨᠠᠯ ᠣᠯᠭᠤᠵᠣ᠂ ᠮᠠᠯᠴᠢᠨ ᠲᠦᠮᠡᠨ ᠤ ᠬᠦᠳᠡᠯᠮᠦᠷᠢ ᠶᠢᠨ ᠠᠮᠵᠢᠯᠳᠠ ᠶᠢ ᠪᠡᠯᠭᠡᠯᠡᠵᠦ ᠬᠤᠯᠠ ᠣᠶᠢᠷ᠎ᠠ ᠎ ᠶᠢᠨ ᠦᠵᠡᠭᠴᠢ ᠣᠯᠠᠨ ᠢᠶᠠᠨ ᠪᠠᠶᠠᠰᠬᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号