ᠡᠯ᠎ᠠ ᠪᠠᠭ᠎ᠠ ᠰᠣᠷᠭᠠᠭᠤᠯᠢ ᠬᠡᠣᠬᠡᠳ ᠤᠨ ᠴᠡᠴᠡᠷᠯᠢᠭ ︽6 · 1︾ ᠢᠶᠠᠨ ᠤᠳᠬ᠎ᠠ ᠲᠠᠭᠦᠯᠳᠠᠷ ᠲᠡᠮᠳᠡᠭᠯᠡᠯ᠎ᠠ
ᠨᠡᠶᠢᠲᠡᠯᠡᠭᠰᠡᠨ ᠴᠠᠭ᠄
2024/6/4
     5 ᠰᠠᠷ᠎ᠡ ᠶᠢᠨ 31 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠲᠤ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠢ ᠡᠳ᠋ᠯᠡᠭᠦᠯᠵᠦ᠂ ᠡᠷᠡᠭᠦᠯ ᠰᠠᠶᠢᠬᠠᠨ᠂ ᠪᠠᠶᠠᠷ ᠪᠠᠶᠠᠰᠤᠯ ᠲᠠᠢ ᠪᠥᠭᠡᠳ ᠮᠠᠷᠲᠠᠭᠳᠠᠰᠢ ᠦᠭᠡᠢ ᠬᠡᠦᠬᠡᠳ ᠤᠨ ᠪᠠᠶᠠᠷ ᠢ  ᠦᠩᠬᠡᠷᠡᠬᠦᠯᠵᠡᠢ᠃
    ᠪᠠᠷᠠᠭᠤᠨ ᠦᠵᠦᠮᠦᠴᠢᠨ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠡᠯ᠎ᠡ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ᠬᠦᠷᠴᠦ᠂ ᠬᠡᠣᠬᠡᠳ ᠤᠳ ᠲᠠᠢ ᠬᠠᠮᠳᠣᠪᠠᠷ ︽6 · 1︾ ᠤ ᠬᠡᠦᠬᠡᠳ ᠤᠨ ᠪᠠᠶᠠᠷ ᠢ ᠪᠡᠯᠭᠡᠯᠡᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠦᠯᠤᠬᠡᠯᠠᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠪᠠᠭᠠᠴᠤᠳ ᠬᠡᠦᠬᠡᠳ ᠲᠤ ᠪᠠᠶᠠᠷ ᠤᠨ ᠡᠳᠦᠷ ᠤᠨ ᠮᠠᠨᠳᠣᠴᠢᠯᠠᠯ ᠬᠦᠷᠭᠡᠬᠦ ᠶᠢᠨ ᠬᠠᠮᠲᠤ᠂ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃     ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠨᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ  ᠦᠷᠨᠢᠬᠦᠯᠦᠨ᠂    ︽6 · 1︾ ᠤ ᠬᠡᠦᠬᠡᠳ ᠤᠨ ᠪᠠᠶᠠᠷ ᠢ ᠪᠡᠯᠬᠡᠯᠠᠯ᠎ᠠ᠃ ᠠᠵᠢᠯᠯᠠᠭᠠᠨ ᠤ ᠨᠢᠬᠡᠳᠣᠬᠡᠷ   ᠲᠤ ᠤᠯᠤᠰ ᠤᠨ ᠲᠤᠭ ᠤᠨ ᠡᠩᠨᠡᠭᠡ᠂ ᠭᠡᠨᠭᠭᠡᠷᠭᠡ ᠪᠦᠷᠢᠶᠡᠨ ᠤ ᠠᠩᠬᠢ᠂ ᠦᠡᠭᠭᠡᠲᠦ ᠲᠤᠭ ᠤᠨ ᠡᠩᠨᠡᠭᠡ᠂ ᠰᠢᠯᠢᠳᠡᠭ ᠭᠡᠷ ᠤᠨ ᠠᠬᠠᠮᠠᠳ ᠤᠨ ᠡᠩᠨᠡᠭᠡ ᠪᠠ ᠡᠯ᠎ᠡ ᠠᠩᠬᠢ ᠨᠢᠭᠡᠴᠡ ᠶᠢᠨ ᠵᠢᠠᠠᠰᠠᠭᠠᠯ ᠤᠨ ᠡᠩᠨᠡᠭᠡ ᠵᠡᠷᠬᠡ ᠪᠦᠬᠦ ᠰᠣᠷᠭᠠᠭᠤᠯᠢ ᠶᠢᠨ ᠰᠣᠷᠤᠭᠴᠢᠳ ᠢ ᠪᠠᠭᠳᠠᠭᠠᠭᠰᠠᠨ ᠵᠢᠭᠰᠠᠭᠠᠯ  ᠤᠨ   ᠡᠩᠨᠡᠭᠡ ᠲᠠᠯᠠᠪᠠᠢ ᠳᠤ ᠣᠷᠣᠵᠤ᠂ ᠰᠤᠷᠭᠠᠭᠤᠯᠢ ᠶᠢᠨ ᠬᠦᠷᠢᠶᠡᠨ ᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠢᠯᠬᠠᠮ᠎ᠠ ᠪᠤᠯᠭᠠᠭᠰᠠᠨ ᠪᠠᠶᠢᠨ᠎ᠠ᠃ ᠠᠵᠢᠯᠯᠠᠭ᠎ᠠ ᠶᠢᠨ ᠳᠤᠮᠳᠠ᠂ ᠰᠤᠷᠤᠯᠭ᠎ᠠ ᠠᠮᠢᠳᠤᠷᠠᠯ ᠤᠨ ᠲᠠᠯ᠎ᠠ ᠪᠠᠷ ᠰᠢᠯᠢᠳᠡᠭ ᠬᠢᠷᠢ ᠪᠦᠲᠦᠮᠵᠢ ᠲᠠᠢ ᠠᠶᠢᠮᠠᠭ ᠬᠤᠰᠢᠭᠤ ᠲᠠᠰ ᠤᠨ ᠰᠢᠯᠢᠳᠡᠭ ᠰᠣᠷᠣᠭᠴᠢ ᠵᠢᠴᠢ ᠰᠤᠷᠭᠠᠭᠤᠯᠢ ᠶᠢᠨ ᠠᠵᠢᠯ ᠢ ᠳᠡᠮᠵᠢᠵᠦ ᠬᠠᠮᠵᠢᠯᠴᠠᠭᠰᠠᠭᠠᠷ ᠢᠷᠡᠭᠰᠡᠨ ᠬᠡᠰᠡᠭ ᠭᠡᠷ ᠤᠨ ᠠᠬᠠᠮᠠᠳ ᠢ ᠬᠥᠬᠢᠭᠦᠯᠦᠨ ᠱᠠᠩᠨᠠᠬᠤ ᠶᠢᠨ ᠬᠠᠮᠲᠤ᠂ ᠬᠡᠦᠬᠡᠳ ᠤᠳ ᠤᠨ ᠴᠢᠷᠮᠠᠶᠢᠨ ᠰᠤᠷᠤᠯᠴᠠᠵᠤ᠂ ᠡᠷᠡᠭᠦᠯ ᠢᠶᠠᠷ ᠦᠰᠦᠨ ᠪᠣᠶᠢᠵᠢᠬᠤ ᠶᠢ ᠵᠣᠷᠢᠭᠵᠢᠭᠤᠯᠪᠠ᠃ ᠪᠠᠰᠠ ᠪᠡᠶ᠎ᠡ ᠶᠢᠨ ᠲᠠᠮᠢᠷ ᠤᠨ ᠤᠷᠤᠯᠳᠣᠭᠠᠨ᠂ ᠤᠷᠠᠨ ᠰᠠᠶᠢᠬᠠᠨ ᠤ ᠲᠣᠭᠯᠠᠯᠲᠠ᠂ ᠰᠢᠨ᠎ᠠ ᠬᠤᠰᠢᠭᠤᠴᠢ ᠠᠩᠬᠢ ᠶᠢᠨ ᠬᠡᠰᠢᠬᠦᠨ  ᠡᠯᠰᠠᠬᠦ ᠠᠵᠢᠯᠯᠠᠭ᠎ᠠ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠦ᠂ ᠬᠡᠦᠬᠡᠳ ᠤᠳ ᠲᠤ ︽6 · 1︾ ᠤ ᠪᠠᠶᠠᠷ ᠪᠠᠶᠠᠰᠤᠯ ᠢ ᠡᠳ᠋ᠯᠡᠭᠦᠯᠦᠭᠰᠡᠨ ᠢᠶᠠᠷ ᠪᠠᠷᠠᠬᠤ ᠦᠭᠡᠢ᠂  ᠦᠷᠬᠦᠯᠵᠢᠯᠠᠨ ᠰᠣᠷᠣᠯᠭ᠎ᠠ ᠬᠢᠴᠢᠶᠠᠯ ᠳᠡᠭᠡᠨ ᠢᠳᠠᠪᠬᠢᠴᠢᠯᠠᠨ ᠴᠢᠷᠮᠠᠶᠢᠬᠤ ᠤᠷᠮ᠎ᠠ ᠵᠤᠷᠢᠭ ᠢ ᠨᠢ ᠭᠦᠭᠵᠢᠬᠡᠵᠦ ᠴᠢᠳᠠᠭᠰᠠᠨ ᠪᠠᠶᠢᠨ᠎ᠠ᠃
     ᠬᠤᠶᠠᠳᠣᠭᠠᠷ ᠪᠠᠭ᠎ᠠ ᠰᠣᠷᠭᠠᠭᠤᠯᠢ ᠨᠢ ᠰᠤᠷᠤᠭᠴᠢᠳ ᠤᠨ ᠵᠢᠭᠰᠠᠭᠠᠯ  ᠂ ᠤᠷ᠎ᠠ ᠴᠢᠳᠠᠪᠤᠷᠢ ᠶᠢᠨ ᠦᠵᠡᠭᠦᠯᠦᠯᠭᠡ ᠵᠡᠷᠬᠡ ᠠᠵᠢᠯᠯᠠᠭᠠᠨ ᠤ ᠲᠠᠷᠠᠭ᠎ᠠ᠂  ᠪᠠᠭᠠᠴᠤᠳ ᠤᠨ ᠬᠤᠰᠢᠭᠤᠴᠢ ᠠᠩᠭᠢ ᠶᠢᠨ ᠰᠢᠨ᠎ᠡ ᠭᠡᠰᠢᠭᠦᠳ ᠤᠨ ᠬᠤᠰᠢᠭᠤᠴᠢ ᠠᠩᠭᠢ ᠳᠤ ᠣᠷᠣᠬᠤ ᠶᠣᠰᠣᠯᠠᠯ ᠶᠠᠪᠤᠭᠳᠠᠭᠤᠯᠵᠤ᠂ ᠤᠯᠠᠨ ᠢᠶᠠᠷ ᠢᠶᠠᠨ ᠪᠭᠠᠠᠴᠤᠳ ᠤᠨ ᠬᠤᠰᠢᠭᠤᠴᠢ ᠠᠩᠭᠢ ᠶᠢᠨ ᠲᠤᠭ ᠲᠤ ᠬᠠᠨᠳᠤᠨ ᠲᠥᠪ ᠴᠢᠩᠭ᠎ᠠ ᠪᠠᠷ ︽ᠡᠪ ᠬᠠᠮᠲᠤ ᠶᠣᠰᠣᠨ ᠤ ᠦᠢᠯᠡᠰ ᠤᠨ ᠲᠥᠯᠥᠭᠡ ᠬᠦᠴᠦᠨ ᠴᠢᠳᠠᠯ ᠢᠶᠠᠨ ᠡᠷᠭᠦᠨ᠎ᠡ︾ ᠭᠡᠵᠦ ᠲᠠᠩᠭᠠᠷᠢᠭᠯᠠᠪᠠ᠃     ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠬᠦᠨᠳᠦ ᠬᠥᠩᠭᠡᠨ ᠪᠡᠶ᠎ᠡ ᠲᠠᠮᠢᠷ ᠤᠨ ᠤᠷᠤᠯᠳᠤᠭᠠᠨ ᠡᠬᠢᠯᠡᠵᠦ᠂ ᠪᠢᠴᠢᠬᠠᠨ ᠲᠠᠮᠢᠷᠴᠢᠳ ᠮᠠᠨᠢ ᠠᠪᠢᠶᠠᠰ ᠴᠢᠳᠠᠪᠤᠷᠢ ᠪᠠᠨ ᠪᠠᠳᠠᠷᠠᠭᠤᠯᠤᠨ ᠢᠳᠡᠪᠬᠢᠲᠡᠢ ᠥᠷᠢᠰᠦᠯᠳᠦᠵᠦ᠂ ᠪᠠᠶᠠᠷ ᠤᠨ ᠡᠳᠦᠷ ᠢᠶᠠᠨ ᠬᠥᠷ ᠬᠥᠭᠵᠢᠶᠡᠨ ᠲᠠᠢ᠂ ᠤᠳᠬ᠎ᠠ ᠠᠭᠤᠯᠭ᠎ᠠ ᠲᠠᠢ ᠲᠡᠮᠳᠡᠭᠯᠡᠪᠡ᠃
     ᠭᠤᠷᠪᠠᠳᠤᠭᠠᠷ ᠪᠠᠭ᠎ᠠ ᠰᠤᠷᠭᠠᠭᠤᠯᠢ ᠶᠢᠨ ᠬᠦᠷᠢᠶᠡᠨ ᠳᠤ ᠢᠨᠢᠶᠡᠲᠦ ᠬᠦᠷ ᠴᠠᠯᠬᠢᠯᠠᠵᠤ᠂   ︽6 · 1︾ ᠤ ᠬᠡᠦᠬᠡᠳ ᠤᠨ ᠪᠠᠶᠠᠷ ᠢ ᠪᠡᠯᠭᠡᠯᠡᠬᠦ ᠪᠠᠶᠠᠷ ᠤᠨ ᠠᠭᠤᠷ ᠠᠮᠢᠰᠬᠤᠯ ᠢᠶᠠᠷ ᠪᠢᠯᠬᠠᠨ᠎ᠠ᠃     ᠡᠯ᠎ᠡ ᠠᠩᠭᠢ ᠶᠢᠨ ᠰᠤᠷᠤᠭᠴᠢᠳ ᠦᠪᠡᠷ ᠦᠪᠡᠷ ᠤᠨ ᠤᠨᠴᠠᠯᠢᠭ ᠲᠤ ᠪᠠᠨ ᠵᠤᠬᠢᠴᠠᠭᠤᠯᠤᠨ᠂ ᠭᠤᠶᠣᠯᠠᠯ ᠤᠨ ᠬᠤᠪᠴᠠᠰᠤ ᠪᠠᠨ ᠡᠮᠦᠰᠴᠦ᠂ ᠴᠤᠭ ᠵᠢᠪᠬᠤᠭᠠᠯᠢᠭ᠂ ᠡᠷᠴᠢ ᠬᠦᠴᠦ ᠲᠠᠢ ᠵᠢᠭᠳᠡᠷᠡᠨ  ᠂ ᠠᠩᠭᠢ ᠨᠢᠭᠡᠴᠡ ᠶᠢᠨ ᠪᠦᠯᠬᠦᠮᠳᠡᠯ ᠲᠠᠪᠰᠢᠯᠲᠠ ᠶᠢᠨ ᠲᠦᠷᠢ ᠲᠦᠷᠬᠦ ᠶᠢ ᠬᠦᠢᠴᠡᠳ ᠬᠠᠷᠠᠭᠤᠯᠤᠨ᠎ᠠ᠃ ᠠᠵᠢᠯᠯᠠᠭ᠎ᠠ ᠳᠤ᠂ ᠡᠯ᠎ᠡ ᠠᠩᠭᠢ ᠶᠢᠨ ᠵᠢᠭᠰᠠᠭᠠᠯ ᠤᠨ ᠡᠩᠨᠡᠭᠡ ᠲᠠᠯᠠᠪᠠᠢ ᠳᠤ ᠤᠷᠤᠵᠤ᠂ ᠰᠢᠨ᠎ᠡ   ᠪᠠᠷ ᠡᠯᠰᠡᠭᠳᠡᠭᠰᠡᠨ ᠪᠠᠭᠠᠴᠤᠳ ᠤᠨ ᠬᠤᠰᠢᠭᠤᠴᠢ ᠠᠩᠭᠢ ᠶᠢᠨ ᠬᠡᠰᠢᠬᠦᠳ ᠲᠤ ᠤᠯᠠᠭᠠᠨ ᠪᠦᠴᠡ  ᠤᠯᠭᠤᠨ᠂ ᠭᠤᠷᠪᠠᠨ ᠰᠠᠶᠢᠨᠲᠠᠢ ᠰᠤᠷᠤᠭᠴᠢ᠂ ᠰᠢᠯᠢᠳᠡᠭ ᠠᠩᠭᠢ ᠶᠢᠨ ᠺᠠᠳ᠋ᠷ᠂  ᠰᠢᠯᠢᠳᠡᠭ ᠪᠠᠭᠠᠴᠤᠳ  ᠤᠨ ᠬᠤᠰᠢᠭᠤᠴᠢ ᠠᠩᠭᠢ ᠶᠢᠨ ᠬᠡᠰᠢᠬᠦᠨ᠂ ᠰᠢᠯᠢᠳᠡᠭ ᠬᠡᠷ ᠤᠨ ᠠᠬᠠᠮᠠᠳ ᠨᠠᠷ ᠢᠶᠠᠨ ᠤᠷᠮᠠᠰᠢᠭᠤᠯᠤᠨ ᠱᠠᠩᠨᠠᠵᠤ᠂ ᠦᠰᠪᠦᠷᠢ ᠶᠢᠨ ᠪᠠᠭᠠᠴᠤᠳ ᠢᠶᠠᠨ ᠡᠷᠳᠡᠮ ᠨᠤᠮ ᠰᠤᠶᠤᠯ ᠪᠤᠯᠪᠠᠰᠤᠷᠠᠯ ᠲᠠᠢ ᠬᠦᠮᠦᠵᠢᠨ ᠪᠤᠶᠢᠵᠢᠬᠤ ᠶᠢ ᠨᠢ ᠵᠤᠷᠢᠭᠵᠢᠭᠤᠯᠪᠠ ᠃ ᠡᠬᠦᠨ ᠤ ᠪᠠᠨ ᠲᠠᠭᠠᠤ ᠪᠦᠬᠡ ᠶᠢᠨ ᠤᠷᠤᠯᠳᠤᠭᠠᠨ᠂ ᠤᠷᠠᠨ ᠰᠠᠶᠢᠬᠠᠨ ᠤ ᠦᠵᠡᠬᠦᠯᠦᠯᠬᠡ ᠵᠡᠷᠭᠡ ᠤᠳᠬ᠎ᠠ ᠲᠡᠬᠦᠰ ᠠᠵᠢᠯᠯᠠᠭ᠎ᠠ ᠤᠳ ᠢ ᠡᠷᠬᠢᠯᠡᠨ ᠶᠠᠪᠤᠭᠳᠠᠭᠤᠯᠵᠤ᠂ ᠪᠠᠭᠠᠴᠤᠳ ᠬᠡᠦᠬᠡᠳ ᠤᠨ ᠪᠠᠶᠠᠷ ᠢᠶᠠᠨ  ᠪᠠᠶᠠᠷ ᠬᠦᠷ ᠲᠠᠢ ᠲᠡᠮᠳᠡᠭᠯᠡᠭᠰᠡᠨ ᠪᠠᠶᠢᠨ᠎ᠠ᠃    ᠳᠥᠷᠪᠡᠳᠦᠭᠡᠷ ᠪᠠᠭ᠎ᠠ ᠰᠤᠷᠭᠠᠭᠤᠯᠢ ᠨᠢ ︽ᠵᠢᠷᠭᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢᠶᠠᠨ ᠶᠠᠪᠤᠭᠳᠠᠭᠤᠯᠪᠠ᠃     ᠶᠣᠰᠣᠯᠠᠯ ᠡᠬᠢᠯᠡᠬᠦ ᠳᠤ ᠡᠯ᠎ᠡ ᠠᠩᠭᠢ ᠪᠣᠯᠣᠨ ᠤᠯᠤᠰ ᠤᠨ ᠲᠤᠭ ᠤᠨ ᠠᠩᠭᠢ ᠵᠡᠷᠭᠡ ᠢᠯᠡ ᠲᠣᠳᠣ ᠣᠨᠴᠠᠯᠢᠭ ᠲᠠᠢ᠂ ᠰᠦᠷ ᠵᠢᠪᠬᠤᠭ᠎ᠠ ᠲᠠᠢ ᠵᠢᠭᠰᠠᠭᠠᠯ ᠤᠨ ᠠᠩᠭᠢ ᠳᠠᠷᠠᠭᠠᠯᠠᠨ ᠲᠠᠯᠠᠪᠠᠶ ᠳᠤ ᠣᠷᠣᠪᠠ᠃     ᠳᠠᠷᠠᠭ᠎ᠠ ᠨᠢ᠂ ᠭᠦᠨᠳᠣ ᠭᠦᠩᠬᠡᠨ ᠪᠠᠶ᠎ᠠ ᠲᠠᠮᠢᠷ ᠤᠨ ᠤᠷᠤᠯᠳᠣᠭᠠᠨ ᠶᠠᠪᠤᠭᠳᠠᠨ᠂ ᠰᠤᠷᠭᠠᠭᠤᠯᠢ ᠶᠢᠨ ᠬᠦᠷᠢᠶᠡᠨ ᠳᠤ ᠢᠨᠢᠶᠡᠳᠦ ᠬᠦᠷ ᠴᠠᠯᠭᠢᠵᠤ᠂ ᠲᠡᠳᠡᠨ ᠤ ᠠᠮᠢᠳᠤᠷᠠᠯ ᠳᠠᠭᠠᠨ ᠬᠠᠶᠢᠷᠠᠲᠠᠢ᠂ ᠰᠤᠷᠤᠯᠭ᠎ᠠ ᠳᠠᠭᠠᠨ ᠳᠤᠷᠠᠲᠠᠢ᠂ ᠰᠤᠷᠭᠠᠭᠤᠯᠢ  ᠳᠠᠭᠠᠨ ᠬᠠᠶᠢᠷᠠᠲᠠᠢ ᠪᠠᠶᠢᠬᠤ ᠰᠡᠳᠬᠢᠯᠭᠡ ᠶᠢ ᠨᠢ ᠬᠥᠭᠵᠢᠭᠡᠵᠦ᠂ ᠢᠳᠡᠪᠬᠢᠲᠡᠢ᠂ ᠥᠭᠡᠳᠡᠷᠬᠡᠭ᠂ ᠪᠠᠶᠠᠰᠤᠩᠭᠤᠢ ᠵᠣᠷᠢᠭ ᠰᠠᠨᠠᠭ᠎ᠠ ᠶᠢ ᠨᠢ ᠬᠥᠪᠴᠢᠯᠡᠪᠡ᠃     ᠪᠠᠶᠠᠩᠬᠤᠸᠡ ᠪᠠᠭ᠎ᠠ ᠰᠣᠷᠭᠠᠭᠤᠯᠢ ᠨᠢ ᠡᠯᠪᠡᠭ ᠪᠠᠶᠠᠯᠢᠭ ᠠᠭᠤᠯᠭ᠎ᠠ ᠲᠠᠢ ᠰᠣᠶᠤᠯ ᠲᠠᠮᠢᠷ ᠤᠨ ᠠᠵᠢᠯᠯᠠᠭ᠎ᠠ ᠦᠷᠨᠢᠬᠦᠯᠦᠨ᠂ ᠪᠠᠭᠰᠢ ᠰᠣᠷᠣᠭᠴᠢᠳ ᠬᠡᠷ ᠤᠨ ᠠᠬᠠᠮᠠᠳ ᠬᠠᠮᠳᠣ ᠪᠠᠷ ᠲᠠᠯᠠᠬᠡᠢ ᠶᠢᠨ ᠬᠡᠣᠬᠡᠳ ᠤᠨ ᠪᠠᠶᠠᠷ ᠢᠶᠠᠨ ᠤᠳᠬ᠎ᠠ ᠲᠠᠭᠦᠯᠳᠠᠷ ᠲᠡᠮᠳᠡᠭᠯᠡᠯ᠎ᠠ᠃ ᠠᠵᠢᠯᠯᠠᠭᠠᠨ ᠳᠤ ᠲᠤᠭ ᠮᠠᠨᠳᠣᠭᠤᠯᠬᠤ ᠶᠤᠰᠣᠯᠠᠯ᠂ ᠰᠣᠷᠤᠭᠴᠢᠳ ᠤᠨ ᠵᠢᠭᠰᠠᠭᠠᠯ ᠤᠨ ᠦᠵᠡᠬᠦᠯᠤᠯᠬᠡ᠂ ᠱᠠᠩᠨᠠᠨ ᠬᠦᠬᠢᠬᠦᠯᠬᠦ ᠠᠵᠢᠯᠯᠠᠭ᠎ᠠ᠂ ᠲᠠᠮᠢᠷ ᠤᠨ ᠤᠷᠤᠯᠳᠣᠭᠠᠨ ᠵᠡᠷᠬᠡ ᠶᠠᠪᠤᠭᠳᠠᠨ᠂ ᠰᠣᠷᠤᠭᠴᠢᠳ ᠤᠨ ᠪᠦᠬᠦ ᠲᠠᠯ᠎ᠠ ᠶᠢᠨ ᠭᠦᠭᠵᠢᠯᠳᠠ ᠶᠢ ᠲᠠᠶᠢᠴᠢᠯᠠᠨ ᠲᠡᠭᠠᠭᠤᠯᠤᠭᠰᠠᠨ ᠪᠠᠶᠢᠨ᠎ᠠ᠃
        ᠵᠢᠷ ᠤᠨ ᠭᠤᠤᠯ ᠬᠡᠤᠬᠡᠳ ᠤᠨ ᠴᠡᠴᠡᠷᠯᠢᠭ ᠤᠨ ᠵᠢᠷᠭᠤᠭᠠᠨ ᠰᠠᠷ᠎ᠠ ᠶᠢᠨ ᠨᠢᠭᠡᠨ ᠤ ᠲᠡᠯᠡᠬᠡᠢ ᠶᠢᠨ ᠪᠠᠭᠠᠴᠤᠳ ᠬᠡᠤᠬᠡᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠨᠢ ᠦᠳᠡ ᠶᠢᠨ ᠡᠮᠦᠨ᠎ᠡ ᠶᠢᠨ 9 ᠴᠠᠭ ᠲᠤ ᠤᠯᠤᠰ ᠤᠨ ᠲᠤᠭ ᠮᠠᠨᠳᠤᠭᠤᠯᠬᠤ ᠶᠤᠰᠤᠯᠠᠯ ᠲᠤᠮᠳᠠ ᠬᠦᠭᠵᠢᠶᠡᠨ ᠲᠠᠢ ᠡᠬᠢᠯᠡᠪᠡ᠃     ᠠᠵᠢᠯᠯᠠᠭ᠎ᠠ ᠳᠤ ᠪᠢᠴᠢᠬᠠᠨ ᠵᠢᠭᠠᠯ ᠨᠠᠷ ᠤᠨ ᠪᠠᠭ᠋ᠠᠷᠬᠠᠯᠳᠤ ᠲᠠᠮᠢᠷ ᠤᠨ ᠬᠦᠳᠡᠯᠭᠡᠭᠡᠨ ᠪᠤᠯᠤᠨ ᠪᠠᠭᠰᠢ ᠠᠬᠠᠮᠠᠳ ᠲᠠᠢ  ᠪᠠᠨ ᠶᠠᠪᠤᠭᠳᠠᠭᠤᠯᠤᠭᠰᠠᠨ ᠰᠤᠨᠢᠷᠬᠠᠯᠳᠤ ᠲᠤᠭᠯᠠᠭᠠᠮ ᠵᠡᠷᠭᠡ ᠨᠢ ᠦᠰᠪᠦᠷᠢ ᠶᠢᠨ ᠪᠢᠴᠢᠬᠠᠨ ᠵᠢᠭᠠᠯ ᠨᠠᠷ ᠤᠨ ᠢᠨᠢᠶᠡᠳᠦ ᠬᠦᠷ ᠢᠶᠠᠷ ᠦᠷᠭᠦᠯᠵᠢᠯᠡᠵᠦ᠂ ᠰᠢᠨ᠎ᠡ ᠡᠷᠢᠨ ᠤ ᠬᠡᠤᠬᠡᠳ ᠪᠠᠭᠠᠴᠤᠳ ᠤᠨ ᠡᠷᠡᠭᠦᠯ ᠰᠠᠶᠢᠬᠠᠨ ᠦᠰᠦᠨ ᠪᠤᠶᠢᠵᠢᠵᠤ ᠪᠠᠶᠢᠭ᠎ᠠ ᠲᠦᠷᠬᠦ ᠪᠠᠶᠢᠳᠠᠯ ᠪᠤᠯᠤᠨ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠡᠷᠴᠢ ᠪᠠᠶᠢᠳᠠᠯ ᠢ ᠲᠤᠰᠬᠠᠵᠦ᠂ ᠴᠡᠴᠡᠷᠯᠢᠭ ᠤᠨ ᠬᠦᠷᠢᠶᠡᠨ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠦ ᠪᠠᠶᠢᠯ᠎ᠠ᠃
    ᠪᠠᠷᠠᠭᠤᠨ ᠦᠵᠦᠮᠦᠴᠢᠨ ᠬᠤᠰᠢᠭᠤᠨ ᠤ  ᠪᠠᠯᠭᠠᠷᠭᠤᠣᠯ ᠬᠡᠦᠬᠡᠳ ᠤᠨ ᠴᠡᠴᠡᠷᠯᠢᠭ ᠨᠢ ︽ᠦᠨᠳᠦᠰᠦᠲᠡᠨ ᠤ ᠪᠥᠯᠬᠦᠮᠳᠡᠯ ᠤᠨ ᠴᠡᠴᠡᠭ ᠪᠠᠳᠠᠷᠠᠨ ᠳᠡᠯᠭᠡᠷᠡᠵᠤ  ᠰᠡᠳᠬᠢᠯ ᠨᠢᠭᠡᠳᠦᠨ ᠬᠦᠰᠡᠯ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾︱ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠰᠣᠨᠢᠷᠬᠠᠯᠲᠤ ᠲᠣᠭᠯᠠᠭᠠᠮ ᠤᠨ ᠠᠵᠢᠯᠯᠠᠭ᠎ᠠ ᠥᠷᠨᠢᠭᠦᠯᠪᠡ᠃       ᠦᠳᠡ ᠶᠢᠨ ᠡᠮᠦᠨᠡᠬᠢ 9 ᠴᠠᠭ ᠲᠤ᠂ ᠬᠦᠷ ᠬᠥᠭᠵᠢᠶᠡᠨ ᠲᠠᠢ ᠠᠭᠤᠷ ᠠᠮᠢᠰᠬᠤᠯ ᠤᠨ ᠳᠤᠮᠳᠠ᠂ ᠤᠰᠤᠨ ᠪᠠᠶᠢᠯᠳᠤᠭᠠᠨ ᠂ ᠡᠷᠳᠡᠨᠢ ᠬᠠᠶᠢᠵᠤ ᠨᠠᠭᠠᠳᠬᠤ ᠵᠡᠷᠭᠡ ᠡᠯ᠎ᠡ ᠵᠦᠢᠯ ᠤᠨ ᠲᠣᠭᠯᠠᠭᠠᠮ ᠪᠣᠯᠣᠨ ᠭᠡᠷ ᠤᠨ ᠠᠬᠠᠮᠠᠳ ᠲᠠᠢ ᠪᠠᠨ ᠬᠠᠮᠲᠣ ᠲᠣᠭᠯᠠᠬᠤ ᠠᠵᠢᠯᠯᠠᠭ᠎ᠠ ᠡᠬᠢᠯᠠᠵᠦ᠂ ᠬᠡᠦᠬᠡᠳ ᠤᠳ ᠴᠦ ᠪᠠᠶᠠᠷ ᠪᠠᠶᠠᠰᠬᠤᠯᠠᠩ ᠲᠠᠢ᠂ ᠤᠳᠬ᠎ᠠ ᠠᠭᠤᠯᠭ᠎ᠠ ᠲᠠᠢ ︽6 · 1︾ ᠤ ᠬᠡᠦᠬᠡᠳ ᠤᠨ ᠪᠠᠶᠠᠷ ᠢ ᠤᠭᠳᠣᠨ ᠪᠠᠯᠬᠡᠯᠡᠵᠡᠢ  ᠃     ᠪᠠᠶᠠᠨᠬᠤᠰᠢᠭᠤ ᠬᠡᠦᠬᠡᠳ ᠤᠨ ᠴᠡᠴᠡᠷᠯᠢᠭ ᠨᠢ ︽6 · 1︾ ᠤ ᠬᠡᠦᠬᠡᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠶᠠᠪᠤᠭᠳᠠᠭᠤᠯᠵᠦ᠂ ᠪᠦᠬᠦ ᠴᠡᠴᠡᠷᠯᠢᠭ ᠤᠨ ᠬᠦᠬᠡᠷᠦᠭᠡᠨ  ᠪᠦᠣᠪᠠᠢ ᠨᠠᠷ ᠤᠨ ᠢᠶᠠᠨ ᠪᠠᠶᠠᠷ ᠤᠨ ᠡᠳᠦᠷ ᠢᠶᠠᠨ ᠣᠳᠬ᠎ᠠ ᠲᠡᠭᠦᠯᠲᠡᠷ ᠪᠡᠯᠭᠡᠯᠡᠯ᠎ᠡ᠃  ᠪᠦᠬᠦ ᠴᠡᠴᠡᠷᠯᠢᠭ ᠤᠨ ᠬᠦᠷᠢᠶᠡᠨ ᠳᠤ ᠠᠶ᠎ᠠ ᠲᠠᠭᠤᠤ ᠬᠠᠨᠭ᠍ᠭᠢᠨᠠᠵᠦ᠂ ᠦᠡᠭᠭᠡ ᠪᠠᠷ ᠰᠤᠯᠥᠩᠭᠠᠷᠠᠭᠤᠯᠥᠨ ᠭᠤᠶᠤᠯᠠᠵᠦ ᠵᠠᠰᠠᠭᠰᠠᠨ ᠬᠡᠤᠬᠡᠳ ᠤᠳ ᠲᠠᠮᠢᠷ ᠤᠨ ᠲᠠᠯᠠᠪᠠᠢ ᠳᠤ ᠵᠢᠭᠲᠡᠷᠡᠨ  ᠮᠦᠷᠯᠡᠵᠡᠭᠡᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠪᠢᠯᠬᠠᠮ᠎ᠠ ᠪᠠᠶᠢᠯ᠎ᠠ᠃    ᠲᠠᠯᠠᠪᠠᠢ ᠳᠤ ᠤᠷᠤᠬᠤ ᠶᠤᠰᠤᠯᠠᠯ ᠶᠠᠪᠤᠭᠳᠠᠭᠰᠠᠨ ᠤ ᠲᠠᠷᠠᠭ᠎ᠠ᠂ ᠤᠯᠤᠰ ᠤᠨ ᠰᠦᠯᠳᠡ ᠲᠠᠭᠤᠨ ᠤ ᠲᠤᠮᠳᠠ ᠲᠠᠪᠤᠨ ᠤᠳᠤᠲᠤ ᠤᠯᠠᠭᠠᠨ ᠲᠤᠭ ᠢᠶᠠᠨ ᠮᠠᠨᠳᠣᠭᠤᠯᠵᠦ᠂ ᠪᠦᠬᠦ ᠪᠠᠭᠰᠢ ᠪᠠ ᠪᠢᠴᠢᠬᠠᠨ ᠴᠤᠮᠤᠷᠯᠢᠭ ᠤᠨ ᠤᠯᠤᠰ ᠢᠶᠠᠨ ᠬᠠᠶᠢᠷᠠᠯᠠᠬᠤ ᠰᠠᠳᠬᠢᠯᠬᠡ ᠪᠠᠨ ᠢᠯᠠᠳᠬᠡᠵᠡᠢ᠃    ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠠ ᠬᠡᠣᠬᠡᠳ ᠬᠡᠷ ᠤᠨ ᠠᠬᠠᠮᠠᠳ ᠤᠨ  ᠤᠷᠤᠯᠴᠠᠯᠭ᠎ᠠ ᠲᠠᠢ ᠪᠠᠶ᠎ᠠ ᠲᠠᠮᠢᠷ ᠤᠨ ᠠᠵᠢᠯᠯᠠᠭ᠎ᠠ ᠵᠡᠷᠭᠡ ᠡᠯᠪᠡᠭ ᠪᠠᠶᠠᠯᠢᠭ ᠠᠭᠤᠯᠭ᠎ᠠ ᠲᠠᠢ   ᠠᠵᠢᠯᠯᠠᠭ᠎ᠠ ᠲᠤᠬᠢᠷᠠᠭᠤᠯᠵᠦ᠂ ᠬᠡᠤᠬᠡᠳ ᠤᠳ ᠠᠪᠤ  ᠡᠵᠢ  ᠂ ᠠᠴᠢᠲᠤ ᠪᠠᠭᠰᠢᠨᠠᠷ ᠲᠠᠢ ᠪᠠᠨ ᠬᠠᠮᠲᠦᠪᠡᠷ ᠪᠠᠶᠡᠷ ᠤᠨ ᠡᠳᠦᠷ   ᠢᠶᠠᠨ ᠦᠡᠭᠭᠡᠷᠡᠭᠦᠯᠦᠯ᠎ᠡ᠃    5 ᠰᠠᠷ᠎ᠠ ᠶᠢᠨ 31 ᠤ ᠡᠳᠦᠷ᠂ ᠪᠠᠶ᠋ᠬᠠᠠᠭᠤᠯᠠ ᠬᠡᠣᠬᠡᠳ ᠤᠨ ᠴᠡᠴᠡᠷᠯᠢᠭ ᠨᠢ ᠵᠢᠷᠭᠤᠭᠠᠨ ᠰᠠᠷ᠎ᠠ ᠶᠢᠨ ᠨᠢᠭᠡᠨ ᠤ ᠬᠡᠣᠬᠡᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ᠃ ᠡᠬᠢᠯᠡᠯᠲᠡ ᠶᠢᠨ ᠶᠤᠰᠣᠯᠠᠯ ᠳᠤ᠂ ᠠᠩᠭᠢ ᠨᠢᠭᠡᠴᠡ ᠪᠠᠷ ᠢᠶᠠᠨ ᠲᠠᠯᠠᠪᠠᠢ ᠳᠤ ᠣᠷᠣᠵᠤ᠂ ᠣᠯᠣᠰ ᠤᠨ ᠲᠤᠭ  ᠮᠬᠠᠳᠣᠭᠤᠯᠣᠨ᠂ ᠴᠡᠴᠡᠷᠯᠢᠭ ᠪᠠ ᠭᠡᠷ ᠤᠨ ᠠᠬᠠᠮᠠᠳ ᠤᠨ ᠲᠥᠯᠦᠭᠡᠯᠡᠭᠴᠢ  ᠠᠴᠠ ᠬᠡᠣᠬᠡᠳ ᠨᠠᠷ ᠲᠠᠭᠠᠨ ᠪᠠᠶᠠᠷ ᠤᠨ ᠡᠳᠦᠷ ᠤᠨ ᠮᠡᠨᠳᠦ ᠬᠦᠷᠭᠡᠨ᠂ ᠲᠡᠳᠡᠨᠠᠷ ᠤᠨ ᠡᠷᠡᠭᠦᠯ ᠴᠢᠭᠢᠷᠠᠭ ᠪᠠᠶᠠᠷ ᠪᠠᠶᠠᠰᠣᠯ  ᠲᠠᠢ ᠦᠰᠦᠨ ᠪᠣᠶᠢᠵᠢᠬᠤ ᠶᠢ  ᠵᠦᠩᠨᠡᠪᠡ᠃ ᠶᠤᠰᠣᠯᠠᠯ ᠤᠨ ᠳᠠᠷᠠᠭ᠎ᠠ᠂ ᠬᠡᠤᠬᠡᠳ ᠪᠠ ᠭᠡᠷ ᠤᠨ ᠠᠬᠠᠮᠠᠳ ᠬᠠᠮᠲᠤᠪᠡᠷ ᠤᠷᠤᠯᠴᠠᠭᠰᠠᠨ ᠭᠡᠷ ᠪᠦᠯᠢ ᠶᠢᠨ ᠲᠤᠭᠯᠠᠭᠠᠮ ᠤᠨ ᠬᠥᠳᠡᠯᠭᠡᠭᠡᠨ ᠥᠷᠨᠢᠭᠦᠯᠵᠦ᠂ ᠬᠡᠣᠬᠡᠳ ᠪᠠᠭᠠᠴᠣᠳ ᠠᠪᠤ ᠡᠵᠢ᠂ ᠪᠠᠭᠰᠢ ᠪᠣᠯᠣᠨ ᠪᠢᠴᠢᠬᠠᠨ ᠨᠠᠶᠢᠵᠠ ᠨᠠᠷ ᠲᠠᠢ ᠪᠠᠨ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ᠂ ᠪᠠᠶᠠᠷ ᠵᠢᠷᠭᠠᠯ ᠲᠠᠢ ᠳᠡᠮᠳᠡᠭᠯᠡᠭᠰᠡᠨ ᠪᠠᠶᠢᠨ᠎ᠠ᠃    ᠭᠤᠷᠤᠬᠠᠨ ᠬᠡᠣᠬᠡᠳ ᠤᠨ ᠴᠡᠴᠡᠷᠯᠢᠭ ᠨᠢ ᠭᠦᠬᠡᠷᠣᠬᠦᠨ ᠪᠦᠪᠡᠢ ᠨᠠᠷ ᠢᠶᠠᠨ ᠲᠡᠭᠵᠢᠨ ᠴᠤᠪᠤᠭᠤ ᠭᠤᠶᠤᠯᠠᠵᠦ᠂ ᠠᠩᠬᠢ  ᠪᠠᠷ ᠨᠢᠬᠡᠴᠠᠯᠠᠨ ᠲᠠᠯᠠᠪᠡᠢ ᠤᠷᠤᠬᠤ ᠶᠤᠰᠣᠯᠠᠯ ᠶᠠᠪᠤᠭᠳᠠᠭᠤᠯᠤᠨ᠂ ᠰᠢᠯᠢᠳᠡᠭ ᠪᠦᠪᠡᠢ᠂ ᠠᠪᠢᠶᠠᠰᠯᠢᠭ ᠪᠦᠪᠠᠢ᠂ ᠠᠵᠢᠯᠰᠠᠭ ᠪᠦᠪᠡᠢ᠂ ᠪᠤᠯᠪᠠᠰᠣᠨ ᠪᠦᠪᠡᠢ ᠪᠤᠯᠤᠨ ᠰᠢᠯᠢᠳᠡᠭ ᠬᠡᠷ ᠤᠨ ᠠᠬᠠᠮᠠᠳ ᠢ ᠱᠠᠩᠨᠠᠨ ᠵᠤᠷᠢᠭᠵᠢᠭᠤᠯᠤᠭᠰᠠᠨ ᠤ ᠬᠠᠮᠳᠣ᠂ ᠬᠡᠣᠬᠡᠳ ᠬᠡᠷ ᠤᠨ ᠠᠬᠠᠮᠠᠳ ᠤᠨ ᠤᠷᠤᠯᠴᠠᠯᠭ᠎ᠠ ᠲᠠᠢ ᠨᠠᠭᠠᠳᠣᠮ ᠲᠤᠭᠯᠠᠭᠠᠮ ᠦᠷᠨᠢᠬᠦᠯᠵᠦ᠂ ᠬᠡᠣᠬᠡᠳ ᠤᠳ ᠢᠶᠠᠨ ᠪᠠᠶᠠᠷᠯᠠᠭᠤᠯᠤᠭᠰᠠᠨ ᠪᠠᠶᠢᠨ᠎ᠠ᠃    ᠪᠠᠶᠠᠩᠬᠤᠸᠡ ᠬᠡᠣᠬᠡᠳ ᠤᠨ ᠴᠡᠴᠡᠷᠯᠢᠭ ᠨᠢ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠳᠤ ᠤᠯᠤᠰ ᠤᠨ ᠲᠤᠭ ᠢᠶᠠᠨ ᠮᠠᠨᠳᠤᠭᠤᠯᠤᠨ᠂ ᠡᠬᠡ ᠤᠯᠤᠰ ᠲᠠᠭᠠᠨ ᠬᠦᠨᠳᠦᠳᠬᠡᠯ ᠲᠡᠪᠰᠢᠭᠦᠯᠪᠡ᠃ ᠵᠠᠯᠭᠠᠭᠠᠳ ᠪᠢᠴᠢᠬᠠᠨ ᠵᠢᠭᠠᠯ ᠤᠳ ᠤᠨ ᠤᠷᠠᠨ ᠰᠠᠶᠢᠬᠠᠨ ᠤ ᠲᠤᠭᠯᠠᠯᠳᠠ᠂ ᠪᠠᠭᠰᠢ ᠬᠡᠷ ᠤᠨ ᠠᠬᠠᠮᠠᠳ ᠤᠨ ᠤᠷᠤᠯᠴᠠᠯᠭ᠎ᠠ ᠲᠠᠢ ᠪᠠᠶ᠎ᠠ ᠲᠠᠮᠢᠷ᠂ ᠨᠠᠭᠠᠳᠣᠮ ᠲᠤᠭᠯᠠᠭᠠᠮ ᠵᠡᠷᠬᠡ ᠰᠤᠨᠢᠷᠬᠠᠯᠳᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠤ ︽6.1︾ ᠤ ᠲᠡᠯᠡᠬᠡᠢ ᠶᠢᠨ ᠬᠡᠤᠬᠡᠳ ᠤᠨ ᠪᠠᠶᠠᠷ ᠢᠶᠠᠨ ᠤᠳᠬ᠎ᠠ ᠲᠡᠭᠦᠯᠳᠡᠷ ᠪᠡᠯᠬᠡᠯᠡᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号