ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠵᠣ ᠪᠠᠶᠢᠭ᠎ᠠ ᠬᠡᠦᠬᠡᠳ ᠤᠨ ᠴᠡᠴᠡᠷᠯᠢᠭ ᠨᠢ 450 ᠬᠡᠦᠬᠡᠳ ᠢ ᠪᠠᠭᠲᠠᠭᠠᠵᠤ ᠲᠠᠶᠢᠯᠤᠨ᠎ᠠ
ᠨᠡᠶᠢᠲᠡᠯᠡᠭᠰᠡᠨ ᠴᠠᠭ᠄
2024/6/4
     ᠪᠠᠷᠠᠭᠤᠨ ᠦᠵᠦᠮᠦᠴᠢᠨ ᠬᠤᠰᠢᠭᠤᠨ ᠤ ᠠᠷᠠᠳ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠲᠤᠬᠠᠢ ᠬᠦᠰᠡᠯ ᠡᠷᠡᠮᠡᠯᠵᠡᠯ ᠪᠠ ᠪᠣᠳᠠᠲᠠᠢ ᠱᠠᠭᠠᠷᠳᠠᠯᠭ᠎ᠠ ᠶᠢ ᠨᠠᠩ ᠰᠠᠶᠢᠨ ᠬᠠᠩᠭᠠᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠬᠦ ᠶᠢᠨ ᠲᠥᠯᠥᠭᠡ᠂ ᠮᠠᠨ ᠤ ᠬᠤᠰᠢᠭᠤ ᠨᠢ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠭᠤᠯᠠᠲᠤ ᠶᠢᠨ ᠭᠤᠣᠯ ᠬᠡᠦᠬᠡᠳ ᠤᠨ ᠴᠡᠴᠡᠷᠯᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠢᠳᠡᠪᠬᠢᠲᠡᠢ ᠠᠬᠢᠭᠤᠯᠵᠤ ᠪᠠᠶᠢᠨ᠎ᠠ᠃
     ᠮᠠᠨ ᠤ ᠬᠤᠰᠢᠭᠤᠨ ᠤ ᠶᠠᠩ ᠭᠤᠸᠠᠩ ᠰᠠᠭᠤᠭᠠᠯᠢ ᠲᠣᠭᠤᠷᠢᠭ ᠤᠨ ᠵᠡᠭᠦᠨ ᠲᠠᠯ᠎ᠠ ᠳᠤ᠂ ᠨᠡᠶᠢᠲᠡ 4586.34 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠬᠤᠭᠤᠯᠠᠲᠣ ᠶᠢᠨ ᠭᠤᠣᠯ ᠬᠡᠦᠬᠡᠳ ᠤᠨ ᠴᠡᠴᠡᠷᠯᠢᠭ ᠤᠨ ᠲᠥᠷᠥᠯ ᠵᠦᠢᠯ ᠶᠠᠭ ᠢᠳᠡ ᠬᠥᠭ ᠲᠠᠢ ᠶᠠᠪᠤᠭᠳᠠᠵᠤ ᠪᠠᠶᠢᠨ᠎ᠠ᠃ ᠣᠶᠢᠯᠠᠭᠠᠭᠰᠠᠨ ᠢᠶᠠᠷ᠂ ᠰᠢᠨ᠎ᠡ ᠪᠠᠷ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠲᠥᠷᠥᠯ ᠵᠦᠢᠯ ᠢ 2023 ᠣᠨ ᠳᠤ ᠡᠬᠢᠯᠡᠵᠦ᠂ ᠵᠢᠱᠢᠯᠲᠡ ᠪᠠᠷ ᠡᠨᠡ ᠵᠢᠯ ᠤᠨ 8 ᠰᠠᠷ᠎ᠠ ᠶᠢᠨ 31 ᠤ ᠡᠳᠦᠷ ᠠᠴᠠ ᠡᠮᠦᠨ᠎ᠡ ᠪᠠᠷᠢᠵᠤ ᠳᠠᠭᠤᠰᠬᠠᠬᠤ ᠪᠠᠷ ᠪᠣᠢ᠃ ᠲᠣᠰ ᠬᠡᠦᠬᠡᠳ ᠤᠨ ᠴᠡᠴᠡᠷᠯᠢᠭ ᠤᠨ ᠶᠡᠷᠦᠩᠬᠡᠢ ᠲᠠᠯᠠᠪᠠᠶ ᠨᠢ 2.6447 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 8825.93 ᠲᠡᠭᠰᠢ ᠳᠥᠷᠪᠡᠯᠵᠢᠨ ᠮᠧᠲᠷ᠂ ᠭᠠᠵᠠᠷ ᠳᠡᠭᠡᠷᠡᠬᠢ ᠬᠤᠶᠠᠷ ᠳᠠᠪᠬᠤᠷ᠂ ᠭᠠᠵᠠᠷ ᠳᠣᠣᠷᠠᠬᠢ ᠨᠢᠭᠡ ᠳᠠᠪᠬᠤᠷ᠂ ᠪᠣᠷᠣ ᠲᠥᠯᠥᠪ ᠤᠨ ᠪᠦᠲᠦᠴᠡ ᠲᠠᠢ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠠᠯᠠᠪᠤᠷ᠂ ᠨᠣᠭᠤᠭᠠᠷᠠᠭᠤᠯᠤᠯᠲᠠ ᠶᠢᠨ ᠪᠦᠰᠡ᠂ ᠲᠡᠷᠭᠡᠨ ᠵᠣᠭᠰᠣᠭᠠᠯ ᠵᠡᠷᠭᠡ ᠢᠨᠵᠧᠨᠧᠷᠢᠩ ᠢ ᠵᠡᠷᠭᠡ ᠪᠠᠷ ᠢᠵᠢ ᠪᠦᠷᠢᠳᠦᠭᠦᠯᠵᠦ᠂ ᠣᠲᠣ ᠪᠣᠯᠲᠠᠯ᠎ᠠ ᠨᠢᠭᠡᠨᠲᠡ 1500 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠭᠰᠠᠨ ᠪᠠᠶᠢᠨ᠎ᠠ᠃    ᠲᠣᠰ ᠬᠡᠦᠬᠡᠳ ᠤᠨ ᠴᠡᠴᠡᠷᠯᠢᠭ ᠤᠨ ᠲᠥᠷᠥᠯ ᠵᠦᠢᠯ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ  ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 15 ᠠᠩᠭᠢ ᠰᠤᠷᠭᠠᠭᠤᠯᠢ ᠡᠷᠭᠢᠯᠡᠬᠦ ᠬᠡᠪᠴᠢᠶ᠎ᠡ ᠶᠢ ᠲᠥᠯᠥᠪᠵᠢᠭᠦᠯᠦᠨ᠂ 450 ᠬᠡᠦᠬᠡᠳ ᠢ ᠪᠠᠭᠲᠠᠭᠠᠵᠤ ᠪᠣᠯᠣᠨ᠎ᠠ᠃   ᠬᠤᠭᠤᠯᠠᠲᠣ ᠶᠢᠨ ᠭᠤᠣᠯ ᠬᠡᠦᠬᠡᠳ ᠤᠨ ᠴᠡᠴᠡᠷᠯᠢᠭ ᠤᠨ ᠲᠤᠰᠬᠠᠢ ᠠᠩᠭᠢ ᠶᠢᠨ ᠪᠥᠷᠢᠯᠳᠦᠬᠦᠨ  ᠡᠷᠳᠡᠨᠢᠴᠢᠯᠠᠭᠤ ᠲᠠᠨᠢᠯᠴᠠᠭᠤᠯᠬᠤ ᠳᠠᠭᠠᠨ᠂ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠮᠠᠨ ᠤ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠰᠣᠷᠣᠭᠴᠢ ᠣᠯᠠᠨᠲᠠᠢ ᠠᠩᠭᠢ︾ ᠶᠢᠨ ᠦᠵᠡᠭᠳᠡᠯ ᠢ ᠪᠦᠲᠦᠮᠵᠢᠲᠡᠶ ᠨᠠᠮᠳᠠᠭᠤᠯᠵᠤ᠂ ᠥᠷᠭᠡᠨ ᠣᠯᠠᠨ ᠬᠡᠦᠬᠡᠳ ᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ  ᠲᠤ ᠣᠷᠣᠬᠤ ᠬᠡᠷᠡᠭᠴᠡᠭᠡ ᠶᠢ ᠬᠠᠩᠭᠠᠵᠤ᠂ ᠬᠡᠦᠬᠡᠳ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号