ᠶᠤᠤ ᠬᠤᠩ ᠭᠠᠩ ᠤᠯᠠᠭᠠᠨᠬᠠᠭᠠᠯᠭ᠎ᠠ ᠰᠣᠮᠣ᠂ ᠭᠤᠷᠤᠬᠠᠨ ᠪᠠᠯᠭᠠᠰᠤᠨ ᠳᠤ ᠪᠠᠶᠢᠴᠠᠭᠠᠨ ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2024/6/4
    5 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠤᠤ ᠬᠤᠩ ᠭᠠᠩ ᠤᠯᠠᠭᠠᠨᠬᠠᠭᠠᠯᠭ᠎ᠠ ᠰᠣᠮᠣ᠂ ᠭᠤᠷᠤᠬᠠᠨ ᠪᠠᠯᠭᠠᠰᠤᠨ ᠳᠤ ᠨᠠᠮ ᠤᠨ ᠰᠠᠬᠢᠯᠭ᠎ᠠ ᠪᠠᠲᠤ ᠰᠤᠷᠤᠯᠴᠠᠬᠤ ᠬᠥᠮᠦᠵᠢᠯ ᠪᠣᠯᠣᠨ ᠮᠠᠯ ᠠᠵᠤ ᠠᠬᠤᠢ ᠶᠢᠨ ᠠᠭᠤᠰᠤᠯᠴᠠᠯ ᠤᠨ ᠠᠵᠤ ᠤᠶᠢᠯᠡᠰ ᠤᠨ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠣᠳᠤᠯᠵᠤ ᠵᠢᠭᠠᠨ ᠵᠢᠯᠤᠭᠤᠳᠪᠠ᠃  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠯᠣᠳ ᠪᠠᠷ᠎ᠠ ᠪᠣᠯᠤᠯᠴᠠᠪᠠ  ᠃
        ᠤᠯᠠᠭᠠᠨᠬᠠᠭᠠᠯᠭ᠎ᠠ ᠰᠣᠮᠣᠨ ᠳᠤ᠂ ᠶᠤᠤ ᠬᠤᠩ ᠭᠠᠩ ᠰᠤᠶᠤᠯ ᠢᠷᠭᠡᠨᠰᠢᠯ ᠤᠨ ᠲᠠᠯᠠᠪᠠᠢ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠪᠣᠯᠤᠨ ᠤᠯᠠᠭᠠᠨᠬᠠᠭᠠᠯᠭ᠎ᠠ ᠰᠤᠶᠤᠯ ᠢᠷᠭᠡᠨᠰᠢᠯ ᠤᠨ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠲᠥᠰᠥᠯ ᠤᠨ ᠠᠬᠢᠯᠲᠠ ᠶᠢᠨ ᠪᠠᠶᠢᠳᠠᠯ ᠢ ᠪᠤᠲᠠᠲᠠᠢ ᠪᠠᠶᠢᠴᠠᠭᠠᠨ ᠦᠵᠡᠵᠠᠢ᠃ ᠲᠡᠷᠡ ᠴᠢᠬᠤᠯᠠᠴᠢᠯᠠᠭᠰᠠᠨ ᠨᠢ᠂ ᠰᠣᠮᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠰᠢᠨ᠎ᠡ ᠬᠥᠭᠵᠢᠯᠲᠡ ᠶᠢᠨ ᠤᠶᠢᠯᠠᠭᠠᠭᠲᠠᠬᠤᠨ ᠢ ᠪᠠᠲᠤ ᠪᠠᠬᠢ ᠪᠣᠯᠭᠠᠵᠤ᠂ ᠲᠤᠬᠠᠢ ᠶᠢᠨ ᠭᠠᠵᠠᠷ ᠤᠨ ᠤᠨᠴᠠᠯᠢᠭᠲᠤ ᠡᠬᠢ ᠪᠠᠶᠠᠯᠢᠭ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢ ᠬᠥᠲᠥᠯᠥᠨ  ᠳᠠᠭᠠᠭᠠᠯᠤᠨ ᠠᠵᠤ ᠦᠢᠯᠡᠰ ᠤᠨ ᠬᠤᠯᠪᠣᠭᠠᠯᠠᠨ ᠬᠥᠲᠡᠯᠥᠯᠴᠡᠬᠦ ᠶᠢ ᠠᠬᠢᠭᠤᠯᠤᠨ᠂ ᠵᠢᠭᠤᠯᠴᠢᠯᠠᠯ ᠤᠨ ᠦᠢᠯᠡᠰ ᠤᠨ ᠪᠠᠶᠠᠯᠢᠭ᠂ ᠣᠷᠤᠨ ᠵᠠᠢ ᠶᠢᠨ ᠪᠥᠷᠬᠦᠯᠲᠡ ᠶᠢᠨ ᠬᠡᠪᠴᠢᠶ᠎ᠡ ᠪᠠ ᠴᠠᠭ ᠬᠤᠭᠤᠴᠠᠭᠠᠨ ᠤ ᠤᠳᠤᠷᠢᠳᠬᠠᠯ ᠤᠨ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠭᠤᠣᠯᠳᠠᠯᠭ᠎ᠠ ᠲᠠᠢ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠥᠲᠥᠴᠡ ᠶᠢᠨ ᠳᠣᠬᠢᠷᠠᠭᠤᠯᠤᠯᠲᠠ ᠪᠠ ᠣᠳᠣᠬᠢᠴᠢᠯᠠᠭᠰᠠᠨ ᠮᠠᠯᠵᠢᠬᠤ ᠣᠷᠤᠨ ᠤ ᠠᠵᠤ ᠦᠢᠯᠡᠰ ᠤᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠨᠡᠩ ᠰᠠᠶᠢᠨ ᠳᠡᠮᠵᠢᠬᠦ ᠬᠡᠷᠡᠭᠲᠡᠢ ᠭᠡᠵᠠᠢ᠃
    ᠭᠤᠷᠤᠬᠠᠨ ᠪᠠᠯᠭᠠᠰᠤᠨ ᠳᠤ᠂  ᠶᠤᠤ ᠬᠤᠩ ᠭᠠᠩ ᠰᠡᠬᠡᠭᠡᠲᠡᠨ ᠵᠠᠯᠠᠭᠤᠴᠤᠳ ᠤᠨ ᠰᠤᠶᠤᠯ ᠤᠨ ᠦᠵᠡᠭᠦᠯᠭᠡ ᠶᠢᠨ ᠲᠢᠩᠬᠢᠮ᠂ ᠨᠠᠮ ᠣᠯᠠᠨ ᠲᠥᠮᠡᠨ ᠤ ᠦᠢᠯᠡᠴᠢᠯᠡᠭᠡᠨ ᠤ ᠲᠥᠪ᠂ ᠠᠮᠢᠳᠤ ᠮᠠᠯ ᠤᠨ ᠠᠷᠠᠯᠵᠢᠶᠠᠨ ᠤ ᠵᠠᠬ᠎ᠠ  ᠂ 41ᠳ᠋ᠦ᠋ᠭᠡᠷ ᠬᠤᠷᠢᠶ᠎ᠠ  ᠂  ᠬᠦᠰᠡᠯᠡᠩ ᠭᠡᠷ ᠪᠥᠯᠢ ᠶᠢᠨ ᠮᠠᠯᠵᠢᠯ ᠤᠨ ᠲᠠᠯᠠᠪᠠᠢ᠂ ᠣᠩᠭᠤᠨ ᠭᠠᠴᠠᠭᠠᠨ ᠤ ᠣᠩᠭᠤᠨ ᠠᠷᠠᠳ ᠤᠨ ᠰᠠᠭᠤᠴᠠ ᠪᠣᠯᠤᠨ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠶᠢ ᠪᠤᠲᠠᠲᠠᠢ ᠪᠠᠶᠢᠴᠠᠭᠠᠨ ᠦᠵᠡᠵᠦ᠂ ᠬᠤᠰᠢᠭᠤ ᠳᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠢᠯᠠᠯᠲᠠᠪᠠᠲᠤ ᠶᠢᠨ ᠬᠦᠷᠴᠦ᠂ ᠨᠠᠮ ᠤᠨ ᠰᠠᠬᠢᠯᠭ᠎ᠠ ᠪᠠᠲᠤ ᠰᠤᠷᠤᠯᠴᠠᠬᠤ ᠬᠥᠮᠥᠵᠢᠯ ᠥᠷᠨᠢᠭᠦᠯᠦᠨ᠂ ᠰᠢᠨ᠎ᠡ ᠮᠠᠯᠵᠢᠬᠤ ᠣᠷᠤᠨ ᠤ ᠪᠥᠲᠥᠭᠡᠨ ᠪᠠᠶᠢᠭᠤᠯᠤᠯᠲᠠ᠂ ᠮᠠᠯ ᠠᠵᠤ ᠠᠬᠤᠢ ᠶᠢᠨ ᠬᠡᠯᠪᠡᠷᠢ ᠶᠢ ᠳᠡᠰ ᠳᠡᠪᠰᠢᠭᠦᠯᠦᠨ ᠬᠤᠪᠢᠷᠠᠭᠤᠯᠬᠤ᠂ ᠰᠤᠶᠤᠯ ᠵᠢᠭᠤᠯᠴᠢᠯᠠᠯ ᠤᠨ ᠪᠥᠬᠦ ᠲᠠᠯ᠎ᠠ ᠶᠢᠨ ᠲᠥᠯᠥᠪᠵᠢᠭᠦᠯᠭᠡ ᠵᠡᠷᠭᠡ ᠨᠠᠷᠢᠨ ᠪᠠᠶᠢᠳᠠᠯ ᠢ ᠤᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠠᠯ᠎ᠠ ᠨᠤᠲᠤᠭ ᠲᠤ ᠮᠠᠯ ᠠᠵᠤ ᠠᠬᠤᠢ ᠶᠢ ᠥᠩᠭᠡᠷᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠤᠶᠢᠯᠠᠭᠠᠵᠤ᠂ ᠮᠠᠯ ᠠᠵᠤ ᠠᠬᠤᠢ ᠶᠢᠨ ᠬᠡᠯᠪᠡᠷᠢ ᠪᠠᠨ  ᠳᠡᠰ ᠳᠡᠪᠰᠢᠭᠦᠯᠦᠨ ᠬᠤᠪᠢᠷᠠᠭᠤᠯᠬᠤ ᠶᠢ ᠲᠦᠷᠭᠡᠳᠬᠡᠵᠦ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ᠂ ᠲᠠᠯ᠎ᠠ ᠨᠤᠲᠤᠭ ᠤᠨ ᠠᠮᠢ ᠠᠬᠤᠢ᠂ ᠮᠠᠯᠴᠢᠳ ᠤᠨ ᠠᠮᠢᠳᠤᠷᠠᠯ ᠤᠨ ᠬᠠᠮᠲᠤᠪᠠᠷ ᠢᠯᠠᠬᠤ ᠶᠢ ᠠᠬᠢᠭᠤᠯᠬᠤ ᠬᠡᠷᠡᠭᠲᠡᠢ᠃ ᠣᠨᠴᠠᠯᠢᠭ ᠲᠠᠢ ᠲᠠᠯ᠎ᠠ ᠶᠢ ᠳᠣᠪᠤᠶᠢᠯᠭᠠᠵᠤ᠂ ᠴᠡᠷᠢᠭ ᠠᠩᠭᠢ ᠶᠢᠨ ᠰᠤᠶᠤᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠨᠠᠮ ᠤᠨ ᠰᠠᠬᠢᠯᠭ᠎ᠠ ᠪᠠᠲᠤ  ᠰᠣᠷᠣᠯᠴᠠᠯᠭ᠎ᠠ ᠬᠥᠮᠥᠵᠢᠯ ᠵᠡᠷᠭᠡ ᠠᠵᠢᠯ ᠢ ᠪᠥᠲᠥᠮᠵᠢᠲᠠᠢ ᠡᠮᠬᠢ ᠲᠢᠭᠯᠢᠮ ᠲᠠᠢ ᠰᠠᠶᠢᠲᠤᠷ ᠥᠷᠨᠢᠭᠦᠯᠬᠦ ᠶᠢᠨ ᠬᠠᠮᠲᠦ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠲᠠᠯ᠎ᠠ ᠨᠤᠲᠤᠭ ᠤᠨ  ︿︿99 ᠳ᠋ᠦ᠋ᠭᠡᠷ ᠵᠠᠰᠠᠮᠠᠯ ᠵᠠᠮ﹀﹀   ᠤᠨ ᠨᠡᠷᠡᠲᠦ  ᠲᠡᠮᠳᠡᠭ  ᠲᠠᠢ ᠤᠶᠠᠯᠳᠤᠭᠤᠯᠤᠨ᠂ ᠥᠨᠳᠥᠷ ᠴᠢᠨᠠᠷ ᠴᠢᠨᠰᠠᠭ᠎ᠠ ᠪᠥᠬᠦᠢ ᠮᠠᠯ ᠠᠵᠤ ᠠᠬᠤᠢ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠭᠠᠵᠠᠷ ᠢ ᠨᠠᠷᠢᠨ ᠨᠢᠮᠪᠠᠢ ᠴᠤᠭᠴᠠᠯᠠᠨ ᠪᠠᠶᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠯᠭᠡᠭᠴᠢ ᠬᠦᠴᠦᠨ ᠪᠣᠯᠭᠠᠵᠤ᠂  ᠮᠠᠯ ᠠᠵᠤ ᠠᠬᠤᠢ ᠪᠣᠯᠣᠨ ᠵᠢᠭᠤᠯᠴᠢᠯᠠᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠠᠭᠤᠰᠤᠯᠴᠠᠭᠤᠯᠵᠤ᠂ ᠵᠢᠭᠤᠯᠴᠢᠯᠠᠯ ᠤᠨ ᠦᠢᠯᠡᠰ ᠢᠶᠠᠷ ᠮᠠᠯ ᠠᠵᠤ ᠠᠬᠤᠢ ᠶᠢ ᠬᠥᠭᠵᠢᠭᠦᠯᠬᠦ᠂ ᠮᠠᠯ ᠠᠵᠤ ᠠᠬᠤᠢ ᠪᠠᠷ ᠵᠢᠭᠤᠯᠴᠢᠯᠠᠯ ᠤᠨ ᠦᠢᠯᠡᠰ ᠢ ᠬᠦᠴᠦᠷᠬᠡᠭᠵᠢᠭᠦᠯᠬᠦ᠂ ᠮᠠᠯ ᠠᠵᠤ ᠠᠬᠤᠢ ᠪᠣᠯᠣᠨ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号