ᠪᠠᠷᠠᠭᠤᠨ ᠦᠵᠦᠮᠦᠴᠢᠨ ᠬᠤᠰᠢᠭᠤᠨ ᠤ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/6/4
      5 ᠰᠠᠷ᠎ᠠ ᠶᠢᠨ 30 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠭᠤᠷᠬᠠᠢ ᠶᠢᠨ ᠠᠮᠤᠷ ᠲᠦᠪᠰᠢᠨ  ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠫᠠᠶᠢᠰᠠ ᠰᠡᠬᠦᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ ᠶᠣᠰᠣᠯᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠤᠳᠤᠷᠢᠳᠬᠤ ᠪᠠᠭ ᠤᠨ ᠭᠡᠰᠢᠭᠦᠨ ᠪᠠ ᠠᠵᠢᠯ ᠤᠨ ᠪᠠᠶᠢᠷᠢᠨ ᠳᠠᠭᠠᠨ ᠪᠠᠶᠢᠭ᠎ᠠ ᠪᠥᠬᠦ ᠺᠠᠳ᠋ᠷ ᠠᠵᠢᠯᠲᠠᠨ ᠶᠣᠰᠣᠯᠠᠯ ᠳᠤ ᠣᠷᠣᠯᠴᠠᠵᠠᠢ᠃       ᠶᠣᠰᠣᠯᠠᠯ ᠳᠤ᠂ ᠬᠠᠢ ᠱᠠᠨ ᠢᠯᠡᠷᠬᠡᠶᠢᠯᠡᠬᠦ ᠳᠡᠭᠡᠨ᠂ ᠰᠢᠨ᠎ᠡ ᠠᠶᠠᠯᠠᠯ ᠰᠢᠨ᠎ᠡ ᠭᠠᠷᠤᠭᠠᠨ ᠳᠡᠭᠡᠷ᠎ᠡ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠤᠰ ᠤᠳᠠᠭᠠᠨ ᠤ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠷᠬᠠᠢ ᠶᠢᠨ ᠠᠮᠤᠷ ᠲᠦᠪᠰᠢᠨ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠳᠡᠯ ᠤᠨ ᠳᠠᠯᠳᠠ ᠬᠡᠮ ᠰᠣᠭᠤᠭ ᠢ ᠦᠨᠳᠦᠰᠦᠨ ᠠᠴᠠ ᠨᠢ ᠠᠷᠢᠯᠭᠠᠨ᠂ ᠠᠭᠤᠷᠬᠠᠢ ᠶᠢᠨ ᠬᠦᠷᠢᠶ᠎ᠡ ᠴᠠᠷ᠎ᠠ ᠶᠢᠨ ᠬᠦᠨᠳᠦ ᠶᠡᠭᠡ ᠠᠳᠡᠯ ᠢ ᠡᠷᠡᠰ ᠰᠡᠷᠭᠡᠶᠢᠯᠡᠨ᠂ ᠠᠭᠤᠷᠬᠠᠢ ᠶᠢᠨ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号