ᠡᠷᠡᠭᠦᠯ ᠮᠡᠨᠳᠤ ᠠᠮᠢᠳᠤᠷᠠᠯ ᠤᠨ ᠳᠠᠳᠬᠠᠯ ᠢ ᠡᠷᠬᠢᠮᠯᠡᠶ᠎ᠡ
ᠨᠡᠶᠢᠲᠡᠯᠡᠭᠰᠡᠨ ᠴᠠᠭ᠄
2024/6/5
    ︽ᠥᠷᠢ ᠦᠭᠡᠢ ᠪᠠᠶᠠᠨ᠂ ᠡᠪᠡᠳᠴᠢᠨ ᠦᠭᠡᠢ ᠪᠣᠯ ᠵᠢᠷᠭᠠᠯ︾ ᠭᠡᠳᠡᠭ ᠢᠶᠠᠷ ᠡᠪᠦᠷ ᠢᠶᠠᠷ ᠳᠦᠭᠦᠷᠡᠩ ᠠᠯᠳᠠ ᠮᠥᠩᠭᠦ ᠲᠠᠢ ᠪᠠᠶᠢᠯ᠎ᠠ ᠴᠤ ᠭᠡᠰᠡᠨ ᠡᠨᠡ ᠪᠡᠶ᠎ᠡ ᠡᠷᠡᠭᠦᠯ ᠴᠢᠭᠢᠷᠠᠭ ᠢᠶᠠᠨ ᠠᠯᠳᠠᠪᠠᠯ ᠠᠮᠢᠳᠤᠷᠠᠯ ᠳᠡᠷᠡ ᠴᠢᠭ ᠢᠶᠠᠷ ᠠᠵᠠ ᠵᠢᠷᠭᠠᠯ ᠢᠶᠠᠨ ᠠᠯᠳᠠᠯ᠎ᠠ ᠭᠡᠰᠡᠨ ᠦᠭᠡ᠃ ᠳᠡᠬᠡᠬᠦ ᠳᠤ ᠡᠷᠡᠭᠦᠯ ᠮᠡᠨᠳᠤ ᠪᠠᠶᠢᠬᠤ ᠶᠢᠨ ᠠᠨᠢᠰᠤ ᠨᠢ ᠡᠳᠦᠷ ᠳᠤᠳᠤᠮ ᠤᠨ ᠠᠮᠢᠳᠤᠷᠠᠯ ᠳᠤ ᠪᠠᠨ ᠡᠷᠡᠭᠦᠯ ᠮᠡᠨᠳᠤ ᠠᠮᠢᠳᠤᠷᠠᠯ ᠤᠨ ᠳᠠᠳᠬᠠᠯ ᠢ ᠪᠤᠢ ᠪᠤᠯᠭᠠᠬᠤ ᠲᠠᠢ ᠨᠢᠭᠲᠠ ᠬᠤᠯᠪᠤᠭ᠎ᠠ ᠲᠠᠢ ᠪᠠᠶᠢᠳᠠᠭ᠃         ᠶᠡᠷᠦ ᠨᠢ ᠠᠬᠠᠮᠠᠳ ᠦᠶ᠎ᠡ ᠶᠢᠨ ᠬᠥᠮᠥᠰ ᠴᠤ ᠭᠡᠰᠡᠨ᠂ ᠲᠤᠷᠰᠢᠯᠭ᠎ᠠ ᠰᠤᠷᠭᠠᠮᠵᠢ ᠲᠠᠢ ᠡᠮᠴᠢ ᠨᠠᠷ ᠠᠴᠠ ᠴᠤ ᠭᠡᠰᠡᠨ ᠲᠣᠭᠲᠠᠭᠰᠠᠨ ᠴᠠᠭ ᠲᠤ ᠪᠠᠨ ᠬᠤᠭᠤᠯᠠ ᠤᠮᠳᠠ ᠪᠠᠨ ᠡᠳ᠋ᠯᠡᠵᠦ᠂ ᠲᠣᠭᠲᠠᠭᠰᠠᠨ ᠴᠠᠭ ᠲᠤ ᠪᠠᠨ ᠤᠨᠲᠠᠵᠤ ᠠᠮᠠᠷᠠᠬᠤ ᠶᠢ ᠰᠠᠨᠠᠭᠠᠴᠢᠯᠠᠵᠤ ᠪᠠᠶᠢᠳᠠᠭ᠃ ᠪᠠᠶᠢᠭᠤᠯᠭ᠎ᠠ ᠨᠢᠭᠡᠴᠢ ᠨᠢ ᠴᠤ ᠭᠡᠰᠡᠨ ᠦᠷᠭᠦᠯᠵᠢ ᠶᠢᠨ ᠴᠢᠨᠠᠷᠲᠠᠢ ᠠᠵᠢᠯ ᠨᠡᠮᠡᠵᠦ ᠠᠵᠢᠯᠯᠠᠬᠤ ᠶᠢ ᠬᠡᠴᠢᠶᠡᠵᠤ ᠲᠣᠭᠲᠠᠭᠰᠠᠨ ᠴᠠᠭ ᠲᠤ ᠪᠠᠨ ᠠᠵᠢᠯ ᠶᠠᠪᠤᠳᠠᠯ ᠢᠶᠠᠨ ᠵᠠᠪᠳᠤᠭᠤᠯᠬᠤ᠂ ᠲᠡᠷᠡᠴᠢᠯᠡᠨ ᠤᠨᠴᠠᠭᠠᠢ ᠠᠵᠢᠯ ᠤᠨ ᠪᠠᠶᠢᠷᠢᠨ ᠳᠤ ᠪᠣᠯ ᠡᠭᠡᠯᠵᠢᠯᠡᠵᠦ ᠠᠵᠢᠯᠯᠠᠬᠤ ᠳᠦᠷᠢᠮ ᠢ ᠶᠠᠪᠤᠭᠳᠠᠭᠤᠯᠵᠤ ᠪᠠᠶᠢᠳᠠᠭ ᠨᠢ ᠬᠥᠮᠥᠰ ᠤᠨ ᠡᠷᠡᠭᠦᠯ ᠮᠡᠨᠳᠤ ᠶᠢᠨ ᠲᠥᠯᠥᠭᠡᠨ᠎ᠡ ᠪᠣᠳᠣᠯᠬᠢᠯᠠᠭᠰᠠᠨ ᠤᠴᠢᠷ ᠪᠠᠶᠢᠬᠤ ᠨᠢ᠂ ᠭᠡᠬᠦ ᠳᠤ ᠮᠠᠨ ᠤ ᠨᠢᠭᠡ ᠦᠶ᠎ᠡ ᠶᠢᠨ ᠵᠠᠯᠠᠭᠤᠴᠤᠳ ᠨᠢ ᠤᠳᠤ ᠪᠤᠯᠬᠤ ᠳᠤ ᠤᠨᠲᠠᠵᠤ ᠠᠮᠠᠷᠠᠬᠤ ᠴᠠᠭ ᠢᠶᠠᠨ ᠲᠣᠬᠢᠷᠠᠭᠤᠯᠬᠤ ᠶᠢ ᠠᠩᠬᠠᠷᠬᠤ ᠦᠭᠡᠢ ᠪᠣᠯᠵᠤ᠂ ᠡᠳᠦᠷᠵᠢᠨ ᠠᠷᠢᠭᠤᠨ ᠴᠡᠪᠡᠷ ᠪᠤᠰᠤ ᠪᠠᠷ ᠬᠤᠭᠤᠯᠠᠯᠠᠬᠤ᠂ ᠣᠷᠣᠢ ᠳᠤ ᠪᠠᠨ ᠬᠡᠳᠤ ᠣᠷᠣᠢ ᠤᠨᠲᠠᠬᠤ᠂ ᠲᠡᠷᠡᠴᠢᠯᠡᠨ ᠵᠣᠬᠢᠰᠲᠠᠢ ᠲᠠᠮᠢᠷ ᠤᠨ ᠬᠥᠳᠡᠯᠭᠡᠭᠡᠨ ᠳᠤ ᠣᠷᠤᠯᠴᠠᠬᠤ ᠦᠭᠡᠢ ᠪᠣᠯᠵᠤ ᠡᠳᠦᠷᠵᠢᠨ ᠰᠠᠭᠤᠵᠤ ᠬᠡᠪᠲᠡᠵᠦ᠂ ᠤᠷᠳᠤ ᠬᠤᠭᠤᠴᠠᠭ᠎ᠠ ᠪᠠᠷ ᠭᠠᠷ ᠤᠲᠠᠰᠤ ᠦᠵᠡᠬᠦ᠂ ᠲᠧᠯᠸᠢᠰ ᠱᠠᠭᠠᠶᠢᠬᠤ ᠵᠡᠷᠭᠡ ᠡᠷᠡᠭᠦᠯ ᠪᠤᠰᠤ ᠳᠠᠳᠬᠠᠯ ᠲᠠᠢ ᠪᠣᠯᠤᠭᠰᠠᠨ ᠪᠠᠶᠢᠳᠠᠭ᠃ ᠡᠶᠢᠮᠦᠷᠬᠦᠦ ᠪᠠᠶᠢᠳᠠᠯ ᠢᠶᠠᠨ ᠦᠷᠭᠦᠯᠵᠢᠯᠡᠨ ᠤᠷᠳᠤ ᠬᠤᠭᠤᠴᠠᠭ᠎ᠠ ᠪᠠᠷ ᠪᠠᠷᠢᠮᠲᠠᠯᠠᠬᠤ ᠳᠤ ᠬᠦᠷᠪᠡᠯ ᠡᠷᠡᠭᠦᠯ ᠪᠡᠶ᠎ᠡ ᠡᠷᠡᠭᠦᠯ ᠪᠤᠰᠤ ᠪᠣᠯᠵᠤ᠂ ᠠᠮᠠᠷᠬᠠᠨ ᠶᠠᠳᠠᠷᠠᠬᠤ᠂ ᠠᠵᠢᠯ ᠳᠤ ᠰᠤᠯᠠᠬᠠᠨ ᠪᠤᠯᠬᠤ᠂ ᠰᠦᠷ ᠰᠦᠯᠳᠡ ᠦᠭᠡᠢ ᠪᠤᠯᠬᠤ᠂ ᠲᠡᠷᠡᠴᠢᠯᠡᠨ ᠤᠷᠳᠤ ᠬᠤᠭᠤᠴᠠᠭ᠎ᠠ ᠲᠣᠭᠲᠠᠭᠰᠠᠨ ᠴᠠᠭ ᠲᠤ ᠪᠠᠨ ᠠᠮᠠᠷᠠᠭᠰᠠᠨ ᠦᠭᠡᠢ ᠠᠴᠠ ᠪᠣᠯᠵᠤ ᠪᠡᠶ᠎ᠡ ᠶᠢᠨ ᠡᠯ᠎ᠡ ᠡᠷᠬᠡᠲᠡᠨ ᠤ ᠨᠠᠵᠠᠭᠠᠢ ᠵᠦᠢᠯ ᠤᠨ ᠭᠠᠳᠠᠭᠰᠢᠯᠠᠭᠤᠯᠤᠯᠲᠠ ᠰᠠᠭᠠᠲᠠᠵᠤ ᠡᠯᠳᠡᠪ ᠵᠦᠢᠯ ᠤᠨ ᠡᠪᠡᠳᠴᠢᠨ ᠬᠦᠷᠬᠦ ᠪᠠᠶᠢᠳᠠᠯ ᠢᠯᠡᠷᠡᠬᠦ ᠨᠢ ᠳᠠᠮᠵᠢᠭ ᠦᠭᠡᠢ᠃ ᠬᠥᠮᠥᠨ ᠤ ᠪᠡᠶ᠎ᠡ ᠶᠢᠨ ᠡᠯ᠎ᠡ ᠡᠷᠬᠡᠲᠡᠨ ᠨᠢ ᠪᠠᠰᠠ ᠰᠠᠶᠢᠨ ᠮᠠᠭᠤ ᠵᠦᠢᠯ ᠢ ᠰᠢᠩᠭᠡᠭᠡᠭᠰᠡᠨ ᠤ ᠳᠠᠷᠠᠭ᠎ᠠ ᠪᠠᠰᠠ ᠵᠣᠬᠢᠬᠤ ᠵᠦᠢᠯ ᠢ ᠭᠠᠳᠠᠭᠰᠢᠯᠠᠭᠤᠯᠬᠤ ᠴᠢᠬᠤᠯᠠ ᠲᠠᠢ ᠪᠠᠶᠢᠳᠠᠭ᠃ ᠭᠠᠳᠠᠭᠰᠢᠯᠠᠭᠤᠯᠤᠯᠲᠠ ᠨᠢ ᠪᠠᠰᠠ ᠵᠣᠬᠢᠬᠤ ᠨᠥᠬᠦᠴᠡᠯ ᠳᠣᠣᠷ᠎ᠠ ᠶᠠᠪᠤᠭᠳᠠᠵᠤ ᠪᠠᠶᠢᠮᠠᠨ ᠡᠯ᠎ᠡ ᠵᠦᠢᠯ ᠤᠨ ᠠᠵᠢᠯᠯᠠᠭ᠎ᠠ ᠪᠠᠨ ᠶᠠᠪᠤᠭᠳᠠᠭᠤᠯᠵᠤ᠂ ᠪᠡᠶ᠎ᠡ ᠶᠢᠨ ᠬᠡᠪ ᠤᠨ ᠪᠠᠶᠢᠳᠠᠯ ᠢ ᠬᠠᠳᠠᠭᠠᠯᠠᠵᠤ ᠴᠢᠳᠠᠳᠠᠭ ᠪᠠᠶᠢᠨ᠎ᠠ᠃ ᠬᠡᠷᠪᠡ ᠪᠢᠳᠡ ᠦᠷᠭᠦᠯᠵᠢ ᠶᠢᠨ ᠴᠢᠨᠠᠷᠲᠠᠢ ᠡᠨᠡᠬᠦ ᠬᠡᠪ ᠤᠨ  ᠠᠵᠢᠯᠯᠠᠭ᠎ᠠ ᠶᠢ ᠬᠠᠷᠰᠢᠯᠠᠬᠤ ᠳᠤ ᠬᠦᠷᠪᠡᠯ ᠶᠠᠷᠢᠶᠠᠨ ᠦᠭᠡᠢ ᠪᠡᠶ᠎ᠡ ᠶᠢᠨ ᠬᠡᠪ ᠤᠨ ᠪᠠᠶᠢᠳᠠᠯ ᠢ ᠠᠯᠳᠠᠭᠳᠠᠭᠤᠯᠬᠤ ᠪᠣᠯᠣᠨ᠎ᠠ᠂ ᠢᠩᠭᠢᠭᠰᠡᠨ ᠠᠴᠠ ᠪᠣᠯᠵᠤ ᠦᠶ᠎ᠡ ᠭᠡᠰᠢᠭᠦᠦ ᠡᠪᠡᠳᠬᠦ ᠠᠴᠠ ᠡᠬᠢᠯᠡᠨ ᠤᠯᠠᠨ ᠲᠦᠷᠦᠯ ᠤᠨ ᠡᠪᠡᠳᠴᠢᠨ ᠪᠡᠶ᠎ᠡ ᠶᠢ ᠣᠷᠢᠶᠠᠵᠤ᠂ ᠡᠨᠡ ᠪᠡᠶ᠎ᠡ ᠶᠢᠨ ᠠᠵᠠ ᠵᠢᠷᠭᠠᠯ  ᠢᠶᠠᠨ ᠠᠯᠳᠠᠬᠤ  ᠳᠤ ᠬᠦᠷᠦᠭᠦᠯᠳᠡᠭ᠃ ᠶᠡᠷᠦᠨᠢ ᠶᠠᠮᠠᠷᠪᠠ ᠡᠪᠡᠳᠴᠢᠨ ᠨᠢ ᠭᠡᠨᠡᠳᠲᠡ ᠪᠠᠷ ᠢᠷᠡᠭᠰᠡᠨ ᠵᠦᠢᠯ ᠪᠢᠰᠢ᠂ ᠬᠡᠪ ᠤᠨ ᠪᠤᠰᠤ ᠳᠠᠳᠬᠠᠯ ᠢ ᠤᠷᠳᠤ ᠬᠤᠭᠤᠴᠠᠭ᠎ᠠ ᠪᠠᠷ ᠪᠠᠷᠢᠮᠲᠠᠯᠠᠭᠰᠠᠨ ᠠᠴᠠ ᠪᠣᠯᠵᠤ ᠵᠣᠬᠢᠬᠤ ᠬᠡᠮᠵᠢᠶᠡᠨ ᠳᠤ ᠬᠦᠷᠪᠡᠯ ᠰᠠᠶ᠋ᠢ ᠬᠡᠪ ᠤᠨ ᠵᠣᠬᠢᠴᠠᠯ ᠢᠶᠠᠨ ᠠᠯᠳᠠᠵᠤ ᠡᠴᠦᠰ ᠰᠡᠬᠦᠯ ᠳᠤ ᠨᠢ ᠡᠪᠡᠳᠴᠢᠨ ᠪᠣᠯᠵᠤ ᠬᠤᠪᠢᠷᠠᠳᠠᠭ᠃         ᠡᠶᠢᠮᠦ ᠠᠴᠠ ᠬᠥᠮᠥᠰ ᠠ᠋᠂ ᠤᠷᠢᠳᠤ ᠶᠢᠨ ᠬᠥᠮᠥᠰ ᠤᠨ ᠶᠠᠷᠢᠶᠠᠨ ᠳᠤ ︽ᠪᠡᠶ᠎ᠡ ᠪᠠᠶᠢᠪᠠᠯ ᠪᠡᠭᠡᠵᠢᠩ︾ ᠭᠡᠳᠡᠭ ᠢᠶᠠᠷ ᠪᠢᠳᠡ ᠡᠷᠡᠭᠦᠯ ᠮᠡᠨᠳᠤ ᠪᠡᠶ᠎ᠡ ᠮᠠᠬᠠᠪᠤᠳ ᠲᠠᠢ ᠪᠠᠶᠢᠪᠠᠯ ᠰᠠᠶ᠋ᠢ ᠠᠯᠢᠪᠠ ᠵᠦᠢᠯ ᠤᠨ ᠰᠠᠭᠤᠷᠢ ᠪᠤᠯᠳᠠᠭ ᠢ ᠤᠬᠠᠭᠠᠷᠠᠵᠤ ᠡᠷᠡᠭᠦᠯ ᠮᠡᠨᠳᠤ ᠠᠮᠢᠳᠤᠷᠠᠯ ᠤᠨ ᠳᠠᠳᠬᠠᠯ ᠢ ᠤᠳᠤ ᠠᠴᠠ ᠡᠬᠢᠯᠡᠵᠦ ᠡᠷᠬᠢᠮᠯᠡᠶ᠎ᠡ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号