ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠪᠠᠴᠢᠮ ᠰᠠᠨᠠᠭᠤᠯᠤᠮᠵᠢ︕
ᠨᠡᠶᠢᠲᠡᠯᠡᠭᠰᠡᠨ ᠴᠠᠭ᠄
2024/6/5
      ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 5 ᠰᠠᠷ᠎ᠠ ᠶᠢᠨ 24 ᠤ ᠡᠳᠦᠷ ᠲᠦᠭᠰᠢᠭᠦᠷᠢ ᠶᠢᠨ ᠰᠠᠨᠠᠭᠤᠯᠤᠮᠵᠢ ᠨᠡᠶᠢᠲᠡᠯᠡᠵᠦ ᠬᠡᠯᠡᠬᠦ ᠳᠡᠭᠡᠨ᠂ ᠣᠶᠢᠷ᠎ᠠ ᠳᠤ᠂ ᠮᠡᠬᠡᠯᠡᠯ ᠤᠨ ᠪᠦᠯᠬᠦᠮ ᠨᠢ ᠵᠢᠭᠡᠯᠡᠯᠭᠡ ᠬᠤᠳᠠᠯᠳᠤᠨ ᠠᠪᠬᠤ ᠳᠤ ︽ᠤᠷᠢᠳᠴᠢᠯᠠᠨ ᠵᠣᠭᠤᠰ ᠲᠤᠰᠢᠶᠠᠬᠤ ᠦᠭᠡᠢ︾ ᠭᠡᠵᠦ ᠬᠤᠳᠠᠯ ᠬᠠᠭᠤᠷᠮᠠᠭ ᠢᠶᠠᠷ ᠤᠬᠠᠭᠤᠯᠵᠤ᠂ ᠠᠵᠢᠯ ᠡᠷᠢᠭᠰᠡᠳ ᠤᠨ ︽ᠠᠵᠢᠯ ᠣᠯᠬᠤ ᠪᠠᠷ ᠶᠠᠭᠠᠷᠠᠵᠤ ᠪᠠᠶᠢᠬᠤ︾ ᠰᠡᠳᠬᠢᠴᠡ ᠶᠢ ᠠᠰᠢᠭᠯᠠᠨ᠂ ᠰᠦᠯᠵᠢᠶᠡᠨ ᠳᠡᠭᠡᠷ᠎ᠡ ︽ᠥᠨᠳᠥᠷ ᠴᠠᠯᠢᠩ ᠢᠶᠠᠷ ᠠᠵᠢᠯᠲᠠᠨ ᠡᠯᠰᠡᠬᠦ︾᠂ ︽ᠳᠠᠳᠤᠯᠭ᠎ᠠ ᠬᠢᠬᠦ︾ ᠵᠡᠷᠭᠡ ᠬᠤᠳᠠᠯ ᠬᠠᠭᠤᠷᠮᠠᠭ ᠮᠡᠳᠡᠭᠡ ᠵᠠᠩᠭᠢ ᠨᠡᠶᠢᠲᠡᠯᠡᠵᠦ ᠪᠠᠶᠢᠨ᠎ᠠ᠂ ᠵᠢᠱᠢᠶᠡᠯᠡᠪᠡᠯ ᠬᠡᠢ ᠬᠤᠭᠤᠰᠤᠨ ᠪᠠᠷᠠᠭ᠎ᠠ ᠲᠡᠭᠡᠭᠡᠪᠦᠷᠢᠯᠡᠬᠦ ᠺᠣᠮᠫᠠᠨᠢ ᠪᠠᠶᠢᠭᠤᠯᠵᠤ᠂ ᠨᠠᠷᠢᠯᠢᠭ ᠨᠠᠶᠢᠷᠠᠭᠤᠯᠤᠭᠰᠠᠨ ᠦᠭᠡ ᠬᠡᠯᠡ ᠪᠠᠷ ᠵᠢᠯᠣᠭᠤᠴᠢ ᠶᠢ ᠥᠳᠥᠭᠡᠨ ᠵᠢᠭᠡᠯᠡᠯᠭᠡ ᠭᠤᠶᠤᠴᠢᠯᠠᠵᠤ ᠲᠡᠷᠭᠡ ᠬᠤᠳᠠᠯᠳᠤᠨ ᠠᠪᠤᠭᠤᠯᠬᠤ ᠪᠠᠷ ︽ᠠᠵᠢᠯ ᠳᠤ ᠣᠷᠣᠬᠤ︾ ᠪᠤᠶᠤ ᠬᠤᠯᠪᠣᠭᠠᠨ ᠳᠤ ᠣᠷᠣᠬᠤ ᠰᠦᠢᠳᠬᠡᠯ ᠲᠤᠰᠢᠶᠠᠯᠭᠠᠵᠤ᠂ ᠤᠷᠢᠭᠳᠠᠬᠤ ᠵᠢᠯᠣᠭᠤᠴᠢ ᠲᠡᠷᠭᠡ ᠪᠠᠨ ᠠᠪᠤᠭᠰᠠᠨ ᠤ ᠳᠠᠷᠠᠭ᠎ᠠ ᠠᠵᠢᠯ ᠣᠯᠬᠤ ᠳᠤ ᠬᠦᠴᠢᠷᠲᠡᠢ᠂ ᠲᠡᠷᠭᠡ ᠪᠠᠨ ᠪᠤᠴᠠᠭᠠᠬᠤ ᠳᠤ ᠬᠦᠴᠢᠷᠲᠡᠢ᠂ ᠵᠣᠭᠤᠰ ᠢ ᠨᠢ ᠪᠤᠴᠠᠭᠠᠬᠤ ᠳᠤ ᠬᠦᠴᠢᠷᠲᠡᠢ ᠪᠣᠯᠵᠤ᠂ ᠡᠴᠦᠰ ᠲᠡᠭᠡᠨ ᠵᠢᠱᠢᠭᠰᠡᠨ ᠣᠷᠣᠯᠭ᠎ᠠ ᠪᠠᠨ ᠣᠯᠵᠤ ᠴᠢᠳᠠᠬᠤ ᠦᠭᠡᠢ ᠬᠠᠷᠢᠨ ᠶᠡᠭᠡ ᠲᠣᠭᠠᠨ ᠤ ᠥᠷᠢ ᠥᠭᠴᠡᠭᠡ ᠳᠤ ᠣᠷᠣᠵᠤ ᠪᠠᠶᠢᠨ᠎ᠠ᠃ ᠡᠶᠢᠮᠦᠷᠬᠦ ᠮᠡᠬᠡᠯᠡᠯ ᠨᠢ ᠪᠠᠰᠠ ᠠᠵᠢᠯᠲᠠᠨ ᠡᠯᠰᠡᠬᠦ ᠨᠡᠷ᠎ᠡ ᠪᠠᠷ ᠠᠵᠢᠯ ᠡᠷᠢᠭᠴᠢ ᠶᠢ ᠮᠡᠬᠡᠯᠡᠨ ᠲᠡᠳᠡᠨ ᠠᠴᠠ ᠲᠤᠰᠢᠶᠠᠯ ᠤᠨ ᠪᠠᠶᠢᠷᠢ ᠶᠢᠨ ᠬᠡᠷᠡᠭᠴᠡᠭᠡ᠂ ᠪᠣᠯᠪᠠᠰᠤᠷᠠᠯ ᠤᠨ ᠰᠦᠢᠳᠬᠡᠯ᠂ ᠮᠠᠲ᠋ᠧᠷᠢᠶᠠᠯ ᠤᠨ ᠰᠦᠢᠳᠬᠡᠯ᠂ ᠪᠠᠲᠤᠯᠠᠭ᠎ᠠ ᠶᠢᠨ ᠮᠥᠩᠭᠦ ᠵᠡᠷᠭᠡ ᠡᠯ᠎ᠡ ᠲᠥᠷᠥᠯ ᠤᠨ ᠰᠦᠢᠳᠬᠡᠯ ᠬᠤᠷᠢᠶᠠᠵᠤ᠂ ᠴᠢᠨᠠᠭᠰᠢᠯᠠᠪᠠᠯ ᠠᠵᠢᠯ ᠡᠷᠢᠭᠴᠢ ᠶᠢ ᠥᠳᠥᠭᠡᠨ ᠵᠢᠭᠡᠯᠡᠯᠭᠡ ᠶᠢᠨ ᠲᠠᠪᠴᠠᠩ ᠤᠨ ᠵᠢᠭᠡᠯᠡᠯᠭᠡ ᠶᠢ ᠵᠢᠭᠡᠯᠡᠭᠦᠯᠦᠨ ᠬᠤᠯᠪᠣᠭᠳᠠᠯ ᠪᠦᠬᠦᠢ ᠰᠦᠢᠳᠬᠡᠯ ᠢ ᠲᠥᠯᠥᠭᠦᠯᠵᠦ ᠪᠠᠶᠢᠨ᠎ᠠ ᠭᠡᠪᠡ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号