| ᠣᠳᠣᠬᠠᠨ ᠳᠤ ᠶᠠᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠪᠠ᠂ ᠵᠠᠷᠢᠮ ᠬᠠᠤᠯᠢ ᠪᠤᠰᠤ ᠡᠲᠡᠭᠡᠳ ᠠᠵᠢᠯᠲᠠᠨ ᠡᠯᠰᠡᠬᠦ ᠨᠡᠷ᠎ᠡ ᠪᠠᠷ ︽ᠨᠦᠬᠡ︾ ᠮᠠᠯᠲᠠᠵᠤ᠂ | ᠡᠳ᠋ ᠮᠥᠩᠭᠦ ᠮᠡᠬᠡᠯᠡᠨ ᠠᠪᠬᠤ᠂ ᠮᠡᠳᠡᠭᠡ ᠵᠠᠩᠭᠢ ᠶᠢ ᠬᠤᠯᠠᠭᠠᠶᠢᠯᠠᠨ ᠬᠡᠷᠡᠭᠯᠡᠬᠦ᠂ ᠥᠳᠥᠭᠡᠨ ᠪᠠᠶᠢᠵᠤ ᠶᠠᠯ᠎ᠠ ᠬᠢᠯᠭᠡᠬᠦ | ᠵᠡᠷᠭᠡ ᠦᠵᠡᠭᠳᠡᠯ ᠪᠠᠶᠢᠨ ᠳᠠᠬᠢᠨ ᠭᠠᠷᠴᠤ᠂ ᠲᠡᠭᠦᠰᠬᠦ ᠣᠶᠤᠲᠠᠳ ᠤᠨ ᠠᠵᠢᠯ ᠣᠯᠬᠤ ᠡᠷᠬᠡ ᠠᠰᠢᠭ ᠢ ᠬᠦᠨᠳᠦ | ᠨᠣᠴᠢᠲᠠᠢ ᠬᠤᠬᠢᠷᠠᠭᠤᠯᠵᠤ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ 5 ᠰᠠᠷ᠎ᠠ ᠶᠢᠨ 21 ᠤ ᠡᠳᠦᠷ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ᠄ ᠬᠠᠤᠯᠢ ᠪᠤᠰᠤ ᠠᠵᠢᠯ ᠮᠡᠷᠭᠡᠵᠢᠯ ᠤᠨ ᠵᠠᠭᠤᠴᠢ ᠶᠢᠨ ᠭᠠᠷᠭᠠᠭᠰᠠᠨ ᠤᠨᠠᠭᠤᠯᠢ ᠠᠴᠠ | ᠰᠠᠶᠢᠲᠤᠷ ᠬᠢᠴᠢᠶᠡᠵᠦ᠂ ᠠᠵᠢᠯᠲᠠᠨ ᠡᠯᠰᠡᠬᠦ ᠰᠦᠢᠳᠬᠡᠯ ᠬᠤᠷᠢᠶᠠᠬᠤ ᠤᠨᠠᠭᠤᠯᠢ ᠶᠢ ᠰᠠᠶᠢᠲᠤᠷ ᠰᠡᠷᠭᠡᠶᠢᠯᠡᠵᠦ᠂ | ᠠᠵᠢᠯᠲᠠᠨ ᠡᠯᠰᠡᠬᠦ ᠮᠡᠬᠡᠯᠡᠯ ᠤᠨ ᠤᠨᠠᠭᠤᠯᠢ ᠠᠴᠠ ᠰᠠᠶᠢᠲᠤᠷ ᠬᠢᠴᠢᠶᠡᠵᠦ᠂ ︽ᠮᠡᠬᠡᠯᠡᠯ︾ ᠤᠨ ᠭᠡᠷ᠎ᠡ ᠶᠢᠨ ᠤᠨᠠᠭᠤᠯᠢ ᠶᠢ | ᠰᠠᠶᠢᠲᠤᠷ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃ | ᠡᠭᠦᠨ ᠤ ᠬᠠᠮᠲᠤ᠂ ᠰᠤᠷᠭᠠᠨ ᠬᠥᠮᠦᠵᠢᠯ ᠤᠨ ᠶᠠᠮᠤᠨ ᠠᠴᠠ ᠥᠷᠭᠡᠨ ᠣᠯᠠᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ︽ᠠᠵᠢᠯ ᠡᠷᠢᠬᠦ ᠳᠥᠲᠡ | ᠵᠠᠮ︾ ᠢᠶᠠᠷ ᠶᠠᠪᠤᠬᠤ ᠦᠭᠡᠢ ᠪᠠᠶᠢᠵᠤ᠂ ᠳᠠᠯᠳᠠ ᠪᠠᠶᠢᠭ᠎ᠠ ︽ᠥᠨᠳᠥᠷ ᠴᠠᠯᠢᠩ ᠤᠨ ᠮᠡᠬᠡᠯᠡᠯ︾ ᠢ ᠰᠡᠷᠡᠮᠵᠢᠯᠡᠬᠦ ᠬᠡᠷᠡᠭᠲᠡᠢ︔ | ᠮᠡᠳᠡᠭᠡ ᠵᠠᠩᠭᠢ ᠶᠢᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠵᠢᠩᠬᠢᠨᠢ ᠠᠷᠭ᠎ᠠ ᠵᠠᠮ ᠢᠶᠠᠷ ᠠᠵᠢᠯ | ᠣᠯᠭᠤᠯᠲᠠ ᠶᠢᠨ ᠮᠡᠳᠡᠭᠡ ᠵᠠᠩᠭᠢ ᠶᠢ ᠣᠯᠵᠤ᠂ ᠣᠯᠠᠨ ᠠᠷᠭ᠎ᠠ ᠵᠠᠮ ᠢᠶᠠᠷ ᠢᠯᠭᠠᠨ ᠲᠣᠳᠣᠯᠠᠵᠤ᠂ ᠰᠣᠬᠤᠷ ᠪᠠᠯᠠᠢ ᠪᠠᠷ | ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠣᠯᠬᠤ ᠦᠭᠡᠢ︔ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ | ᠤᠬᠠᠮᠰᠠᠷ ᠢᠶᠠᠨ ᠴᠢᠩᠭᠠᠳᠬᠠᠵᠤ᠂ ᠠᠵᠢᠯ ᠡᠷᠢᠵᠦ ᠠᠵᠢᠯ ᠣᠯᠬᠤ ᠲᠤᠬᠠᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ | ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠨ ᠰᠤᠷᠤᠯᠴᠠᠵᠤ᠂ ᠬᠠᠤᠯᠢ ᠴᠠᠭᠠᠵᠠ ᠪᠠᠷ ᠲᠣᠰ ᠪᠡᠶ᠎ᠡ ᠶᠢᠨ ᠡᠷᠬᠡ | ᠠᠰᠢᠭ ᠢᠶᠠᠨ ᠬᠠᠮᠠᠭᠠᠯᠠᠬᠤ ᠶᠢ ᠰᠤᠷᠬᠤ ᠬᠡᠷᠡᠭᠲᠡᠢ ᠭᠡᠵᠦ ᠰᠠᠨᠠᠭᠤᠯᠵᠠᠢ᠃ | |