HPV ᠸᠠᠺᠼᠢᠨ ᠤ ᠦᠨ᠎ᠡ ᠬᠢᠮᠳᠠᠷᠠᠵᠤ ᠨᠢᠭᠡᠴᠢ ᠦᠨ᠎ᠡ ᠨᠢ ᠵᠠᠭᠤᠨ ᠲᠥᠭᠦᠷᠢᠭ ᠬᠦᠷᠬᠦ ᠦᠭᠡᠢ ᠪᠣᠯᠪᠠ︕
ᠨᠡᠶᠢᠲᠡᠯᠡᠭᠰᠡᠨ ᠴᠠᠭ᠄
2024/6/5
      HPV ᠸᠠᠺᠼᠢᠨ ᠤ ᠦᠨ᠎ᠡ ᠡᠶᠢᠮᠦ ᠲᠦᠷᠭᠡᠨ ᠬᠢᠮᠳᠠᠷᠠᠪᠠ︕ ᠨᠢᠭᠡ ᠵᠢᠯ ᠭᠠᠷᠤᠢ ᠶᠢᠨ ᠬᠤᠭᠤᠴᠠᠭᠠᠨ ᠳᠤ᠂ ᠮᠠᠨ ᠤ ᠤᠯᠤᠰ ᠤᠨ ᠦᠢᠯᠡᠳᠪᠦᠷᠢᠯᠡᠭᠰᠡᠨ ᠬᠤᠶᠠᠷ ᠸᠠᠯᠤᠨ᠋ᠲ ᠤᠨ HPV ᠸᠠᠺᠼᠢᠨ ᠢ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠦᠨ᠎ᠡ ᠨᠢ ᠵᠠᠭᠤᠨ ᠲᠥᠭᠦᠷᠢᠭ ᠬᠦᠷᠬᠦ ᠦᠭᠡᠢ ᠪᠣᠯᠪᠠ᠃ ᠣᠳᠣᠬᠠᠨ ᠳᠤ ᠶᠢᠰᠦᠨ ᠸᠠᠯᠤᠨ᠋ᠲ ᠤᠨ ᠸᠠᠺᠼᠢᠨ ᠢ ᠤᠷᠢᠳᠴᠢᠯᠠᠨ ᠪᠣᠯᠵᠣᠬᠤ ᠦᠭᠡᠢ ᠪᠠᠷ ᠳᠠᠷᠢᠵᠤ ᠪᠤᠯᠬᠤ ᠪᠣᠯᠵᠠᠢ᠃             ᠥᠩᠭᠡᠷᠡᠭᠰᠡᠨ ᠳᠤ᠂ ᠰᠤᠷᠭᠠᠭᠤᠯᠢ ᠶᠢᠨ ᠨᠠᠰᠤᠨ ᠤ ᠡᠮᠡᠭᠲᠡᠶᠢᠴᠦᠳ HPV ᠸᠠᠺᠼᠢᠨ᠂ ᠢᠯᠠᠩᠭᠤᠶ᠎ᠠ ᠶᠢᠰᠦᠨ ᠸᠠᠯᠤᠨ᠋ᠲ ᠤᠨ ᠸᠠᠺᠼᠢᠨ ᠢ ᠳᠠᠷᠢᠭᠤᠯᠬᠤ ᠭᠡᠪᠡᠯ ᠴᠥᠮ ᠬᠡᠳᠦᠨ ᠰᠠᠷ᠎ᠠ ᠶᠢᠨ ᠡᠮᠦᠨ᠎ᠡ ᠤᠷᠢᠳᠴᠢᠯᠠᠨ ᠪᠣᠯᠵᠣᠬᠤ ᠬᠡᠷᠡᠭᠲᠡᠢ ᠪᠠᠶᠢᠵᠠᠢ᠂ ᠣᠲᠣ ᠨᠢᠭᠡᠳᠦᠭᠡᠷ ᠳᠡᠰ ᠤᠨ ᠬᠤᠲᠠ ᠶᠢᠨ ᠵᠠᠷᠢᠮ ᠲᠠᠷᠢᠯᠭ᠎ᠠ ᠶᠢᠨ ᠴᠡᠭ ᠲᠤ ᠪᠣᠯᠵᠣᠬᠤ ᠦᠭᠡᠢ ᠪᠠᠷ ᠳᠠᠷᠢᠬᠤ ᠪᠣᠯᠵᠠᠢ᠃             ᠪᠡᠭᠡᠵᠢᠩ ᠤᠨ ᠬᠠᠢ ᠳ᠋ᠢᠶᠠᠨ ᠲᠣᠭᠤᠷᠢᠭ ᠤᠨ ᠨᠢᠭᠡᠨ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠡᠷᠡᠭᠦᠯ ᠮᠡᠨᠳᠦ ᠶᠢᠨ ᠰᠠᠯᠠᠭᠠᠨ ᠤ ᠠᠵᠢᠯᠲᠠᠨ ᠵᠥᠩ ᠰᠢᠨ ᠡᠷᠡᠭᠦᠯ ᠮᠡᠨᠳᠦ ᠶᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠳᠣᠬᠠᠨ ᠳᠤ ᠨᠠᠰᠤᠨ ᠳᠤ ᠭᠦᠷᠦᠭᠰᠡᠨ ᠡᠮᠡᠭᠲᠡᠶᠢᠴᠦᠳ ᠲᠣᠰ ᠡᠮᠨᠡᠯᠭᠡ ᠶᠢᠨ ᠬᠤᠷᠢᠶ᠎ᠠ ᠳᠤ ᠢᠷᠡᠵᠦ ᠶᠢᠰᠦᠨ ᠸᠠᠯᠤᠨ᠋ᠲ ᠤᠨ ᠸᠠᠺᠼᠢᠨ ᠳᠠᠷᠢᠭᠤᠯᠬᠤ ᠳᠤ ᠤᠷᠢᠳᠴᠢᠯᠠᠨ ᠪᠣᠯᠵᠣᠬᠤ ᠴᠢᠬᠤᠯᠠ ᠦᠭᠡᠢ ᠪᠣᠯᠵᠠᠢ᠂ ᠢᠷᠡᠬᠦ ᠳᠤ ᠯᠡ ᠬᠦᠷᠪᠡᠯ ᠳᠠᠷᠤᠢ ᠳᠠᠷᠢᠵᠤ ᠥᠭᠭᠦᠨ᠎ᠡ᠂ ᠦᠨ᠎ᠡ ᠨᠢ 1300 ᠲᠥᠭᠦᠷᠢᠭ ᠪᠣᠯᠣᠨ᠎ᠠ ᠭᠡᠪᠡ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号