ᠨᠢᠭᠡ᠂ ᠠᠵᠢᠯ ᠤᠨ ᠬᠠᠷᠠᠯᠲᠠ | ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ | ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠲᠥᠯᠦᠪᠵᠢᠭᠦᠯᠭᠡ ᠬᠢᠬᠦ᠂ ᠪᠠᠷᠢᠯᠭ᠎ᠠ ᠪᠠᠷᠢᠬᠤ᠂ ᠰᠢᠯᠭᠠᠨ ᠠᠪᠬᠤ | ᠵᠡᠷᠭᠡ ᠬᠢᠨᠠᠨ ᠵᠥᠪᠰᠢᠶᠡᠷᠡᠬᠦ ᠭᠠᠷᠳᠠᠮ ᠢ ᠤᠯᠠᠮ ᠨᠢᠭᠡ ᠠᠯᠬᠤᠮ ᠴᠣᠮᠬᠠᠳᠬᠠᠵᠤ᠂ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ | ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠴᠠᠭ ᠤᠨ ᠬᠢᠵᠠᠭᠠᠷ ᠢ 15 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠠᠭᠠᠰᠬᠠᠨ᠎ᠠ᠃ | ᠬᠤᠶᠠᠷ᠂ ᠬᠡᠷᠡᠭᠯᠡᠬᠦ ᠬᠡᠪᠴᠢᠶ᠎ᠡ | ᠲᠤᠰ ᠵᠢᠯᠤᠭᠤᠳᠬᠤ ᠰᠠᠨᠠᠯ ᠢ ᠡᠯ᠎ᠡ ᠭᠠᠵᠠᠷ ᠤᠨ ᠣᠨ ᠤ ᠲᠥᠯᠥᠪᠯᠡᠭᠡ ᠳᠤ ᠣᠷᠣᠭᠤᠯᠤᠭᠰᠠᠨ ᠥᠭᠡᠷᠡᠴᠢᠯᠡᠬᠦ | ᠵᠦᠢᠯᠡᠰ ᠲᠤ ᠬᠡᠷᠡᠭᠯᠡᠨ᠎ᠡ᠃ ᠥᠭᠡᠷᠡᠴᠢᠯᠡᠬᠦ ᠵᠦᠢᠯᠡᠰ ᠲᠤ ᠲᠥᠪ ᠤᠨ ᠨᠥᠬᠦᠪᠦᠷᠢ ᠶᠢᠨ ᠪᠡᠯᠡ ᠮᠥᠩᠭᠦ ᠶᠢ | ᠬᠡᠷᠡᠭᠯᠡᠬᠦ ᠳᠡᠭᠡᠨ ᠬᠢᠨᠠᠨ ᠵᠥᠪᠰᠢᠶᠡᠷᠡᠬᠦ ᠶᠠᠪᠤᠴᠠ ᠶᠢᠨ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ | ᠲᠣᠭᠲᠠᠭᠠᠯ ᠢ ᠵᠢᠷᠤᠮᠯᠠᠨ᠎ᠠ᠃ | ᠭᠤᠷᠪᠠ᠂ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠬᠡᠷᠡᠭᠲᠡᠢ | ︵ᠨᠢᠭᠡ︶ ᠲᠥᠷᠥᠯ ᠵᠦᠢᠯ ᠢ ᠰᠢᠯᠢᠳᠡᠭᠵᠢᠭᠦᠯᠦᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ | 1. ᠬᠤᠰᠢᠭᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠨᠢᠭᠡ ᠬᠡᠷᠡᠭᠵᠢᠭᠦᠯᠬᠦ | ᠭᠤᠣᠯ ᠴᠣᠭᠴᠠ ᠶᠢ ᠮᠡᠳᠡᠭᠦᠯᠦᠨ ᠪᠠᠶᠢᠭᠤᠯᠬᠤ ᠨᠢᠭᠡᠴᠡ ᠪᠣᠯᠭᠠᠬᠤ ᠪᠠᠷ ᠲᠣᠳᠣᠷᠬᠠᠶᠢᠯᠠᠵᠤ᠂ ᠵᠢᠵᠢᠭ ᠲᠣᠭᠤᠷᠢᠭ ᠤᠨ | ᠥᠮᠴᠢᠲᠡᠨ ᠪᠤᠶᠤ ᠥᠮᠴᠢᠯᠡᠬᠦ ᠡᠷᠬᠡ ᠶᠢᠨ ᠨᠢᠭᠡᠴᠡ ᠪᠠᠷ ᠵᠥᠪᠰᠢᠶᠡᠷᠡᠭᠦᠯᠦᠭᠡᠳ᠂ ᠮᠡᠳᠡᠭᠦᠯᠦᠨ ᠪᠠᠶᠢᠭᠤᠯᠬᠤ ᠭᠠᠷᠳᠠᠮ ᠢ | ᠭᠦᠢᠴᠡᠳᠬᠡᠵᠦ᠂ ᠵᠣᠬᠢᠬᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠡᠷᠡᠭᠵᠢᠭᠦᠯᠬᠦ | ᠭᠤᠣᠯ ᠴᠣᠭᠴᠠ ᠨᠢ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠲᠦᠷᠦᠭᠦᠯᠡᠨ ᠬᠢᠬᠦ ᠨᠢᠭᠡᠴᠡ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠵᠠᠬ᠎ᠠ | ᠳᠡᠯᠭᠡᠭᠦᠷᠴᠢᠯᠡᠭᠰᠡᠨ ᠡᠵᠡᠩᠨᠡᠯᠲᠡ ᠶᠢᠨ ᠺᠣᠮᠫᠠᠨᠢ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ | ᠪᠠᠶᠢᠵᠤ ᠪᠣᠯᠣᠨ᠎ᠠ᠃ | 2. ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠥᠭᠡᠷᠡᠴᠢᠯᠡᠬᠦ ᠲᠥᠰᠥᠯ ᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠲᠥᠰᠥᠯ ᠳᠤ ᠥᠭᠡᠷᠡᠴᠢᠯᠡᠬᠦ ᠠᠭᠤᠯᠭ᠎ᠠ᠂ ᠵᠢᠷᠤᠭᠯᠠᠨ ᠲᠥᠯᠥᠪᠯᠡᠬᠦ᠂ | ᠪᠡᠯᠡ ᠣᠷᠣᠭᠤᠯᠤᠯᠲᠠ ᠶᠢᠨ ᠲᠣᠶᠢᠮᠣ ᠲᠥᠰᠥᠪ᠂ ᠪᠡᠯᠡ ᠮᠥᠩᠭᠦ ᠪᠡᠯᠡᠳᠬᠡᠬᠦ ᠲᠥᠰᠥᠯ᠂ ᠳᠠᠭᠠᠭᠠᠴᠢᠯᠠᠯᠲᠠ ᠵᠠᠷᠯᠠᠬᠤ | ᠬᠡᠷᠡᠭᠵᠢᠭᠦᠯᠬᠦ ᠲᠥᠰᠥᠯ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ᠃ ᠣᠯᠠᠨ ᠨᠡᠶᠢᠲᠡ ᠶᠢᠨ ᠪᠠᠷᠢᠯᠭ᠎ᠠ ᠪᠤᠶᠤ | ᠪᠡᠯᠡᠳᠬᠡᠮᠵᠢ ᠶᠢ ᠨᠡᠮᠡᠭᠳᠡᠭᠦᠯᠬᠦ ᠳᠤ᠂ ᠵᠢᠵᠢᠭ ᠲᠣᠭᠤᠷᠢᠭ ᠤᠨ ᠠᠵᠤ ᠦᠢᠯᠡᠰ ᠤᠨ ᠵᠥᠪᠯᠡᠯ᠂ ᠰᠠᠭᠤᠭᠠᠯᠢ ᠠᠷᠠᠳ ᠤᠨ | ᠵᠥᠪᠯᠡᠯ᠂ ᠥᠮᠴᠢᠯᠡᠬᠦ ᠡᠷᠬᠡ ᠶᠢᠨ ᠨᠢᠭᠡᠴᠡ ᠵᠡᠷᠭᠡ ᠯᠦᠭᠡ ᠡᠷᠬᠡ ᠶᠢᠨ ᠬᠠᠷᠢᠶᠠᠯᠠᠯ ᠤᠨ ᠵᠥᠪᠯᠡᠯᠴᠡᠭᠡᠷ ᠲᠣᠭᠲᠠᠬᠤ | ᠬᠡᠷᠡᠭᠲᠡᠢ᠃ | 3. ᠥᠭᠡᠷᠡᠴᠢᠯᠡᠬᠦ ᠲᠥᠰᠥᠯ ᠨᠢ ᠨᠡᠶᠢᠭᠡᠮ ᠲᠣᠭᠤᠷᠢᠭ ᠤᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ᠂ | ᠰᠣᠶᠣᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠬᠡᠦᠬᠡᠳ ᠰᠠᠭᠠᠲᠠᠭᠤᠯᠬᠤ ᠬᠥᠮᠦᠵᠢᠯ᠂ ᠪᠡᠶ᠎ᠡ ᠶᠢᠨ ᠲᠠᠮᠢᠷ᠂ | ᠰᠢᠤᠳᠠᠨ ᠤ ᠲᠦᠷᠭᠡᠨ ᠬᠦᠷᠭᠡᠯᠲᠡ᠂ ᠨᠡᠶᠢᠭᠡᠮ ᠤᠨ ᠠᠮᠤᠷ ᠲᠦᠪᠰᠢᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠴᠠᠬᠢᠯᠭᠠᠨ ᠴᠡᠨᠡᠭᠯᠡᠬᠦ ᠵᠡᠷᠭᠡ ᠪᠡᠯᠡᠳᠬᠡᠮᠵᠢ ᠶᠢ ᠨᠡᠮᠡᠵᠦ ᠪᠠᠶᠢᠭᠤᠯᠬᠤ ᠵᠢᠴᠢ ᠤᠰᠤ ᠴᠠᠬᠢᠯᠭᠠᠨ ᠳᠤᠯᠠᠭᠠᠯᠠᠭ᠎ᠠ | ᠢᠲᠡᠭᠡᠮᠵᠢ ᠶᠢᠨ ᠥᠭᠡᠷᠡᠴᠢᠯᠡᠯᠲᠡ ᠶᠢᠨ ᠲᠥᠯᠥᠪᠯᠡᠭᠡ ᠶᠢ ᠭᠥᠯᠢᠶᠡᠨ ᠠᠪᠤᠨ᠎ᠠ᠃ | 4. ᠵᠡᠭᠡᠯᠢ ᠭᠤᠳᠤᠮᠵᠢ ᠪᠤᠶᠤ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ᠂ ᠪᠦᠷᠢᠨ ᠪᠦᠲᠦᠨ ᠣᠷᠣᠰᠢᠨ | ᠰᠠᠭᠤᠭ᠎ᠠ ᠨᠡᠶᠢᠭᠡᠮ ᠲᠣᠭᠤᠷᠢᠭ ᠤᠨ ᠳᠤᠲᠠᠭᠤᠳᠠᠯ ᠢ ᠨᠥᠬᠦᠪᠦᠷᠢᠯᠡᠬᠦ ᠪᠠ ᠪᠣᠬᠢᠷᠲᠤᠯ ᠦᠭᠡᠢ ᠨᠡᠶᠢᠭᠡᠮ ᠲᠣᠭᠤᠷᠢᠭ ᠢ | ᠡᠭᠦᠳᠦᠨ ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠵᠦ᠂ | ᠥᠭᠡᠷᠡᠴᠢᠯᠡᠬᠦ ᠲᠥᠰᠥᠯ ᠢ ᠨᠢᠭᠡᠳᠦᠯᠲᠡᠢ ᠨᠠᠶᠢᠷᠠᠭᠤᠯᠤᠨ ᠵᠣᠬᠢᠶᠠᠵᠤ᠂ ᠨᠢᠭᠡᠳᠦᠯᠲᠡᠢ ᠵᠢᠷᠤᠭᠯᠠᠨ ᠲᠥᠯᠥᠪᠯᠡᠬᠦ᠂ ᠬᠢᠨᠠᠨ | ᠪᠠᠶᠢᠴᠠᠭᠠᠬᠤ᠂ ᠬᠢᠨᠠᠨ ᠵᠥᠪᠰᠢᠶᠡᠷᠡᠬᠦ᠂ ᠳᠠᠭᠠᠭᠠᠴᠢᠯᠠᠯᠲᠠ ᠵᠠᠷᠯᠠᠬᠤ᠂ ᠪᠦᠲᠦᠭᠡᠨ ᠪᠠᠶᠢᠭᠤᠯᠬᠤ ᠪᠠ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠶᠢ ᠵᠣᠷᠢᠭᠵᠢᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠪᠠᠷᠢᠯᠭ᠎ᠠ ᠶᠢᠨ ᠶᠠᠰᠤ ᠴᠢᠨᠠᠷ ᠪᠣᠯᠣᠨ ᠪᠠᠷᠢᠯᠭ᠎ᠠ ᠶᠢᠨ ᠠᠵᠢᠯ ᠤᠨ ᠠᠶᠤᠯ ᠦᠭᠡᠢ ᠶᠢ ᠦᠨᠡᠨᠬᠦ | ᠪᠠᠲᠤᠯᠠᠨ᠎ᠠ᠃ | ︵ᠬᠤᠶᠠᠷ︶ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠎ᠡ | 1. ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠤᠨ ᠬᠤᠪᠢᠷᠠᠯᠲᠠ ᠳᠤ ᠬᠤᠯᠪᠣᠭᠳᠠᠬᠤ ᠦᠭᠡᠢ ᠵᠦᠢᠯᠡᠰ ᠲᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ | ᠪᠢᠴᠢᠭ᠂ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠥᠪᠰᠢᠶᠡᠷᠡᠯ ᠵᠡᠷᠭᠡ ᠭᠠᠵᠠᠷ ᠬᠡᠷᠡᠭᠯᠡᠬᠦ ᠭᠠᠷ ᠭᠦᠢᠴᠡᠳᠬᠡᠯ ᠬᠢᠬᠦ | ᠴᠢᠬᠤᠯᠠ ᠦᠭᠡᠢ᠂ ᠪᠠᠰᠠ ᠨᠢᠭᠡᠨᠲᠡ ᠪᠠᠶᠢᠭ᠎ᠠ ᠭᠠᠵᠠᠷ ᠬᠡᠷᠡᠭᠯᠡᠬᠦ ᠭᠠᠷ ᠭᠦᠢᠴᠡᠳᠬᠡᠯ ᠵᠡᠷᠭᠡ ᠮᠠᠲ᠋ᠧᠷᠢᠶᠠᠯ ᠢᠶᠠᠷ ᠭᠠᠵᠠᠷ | ᠰᠢᠷᠣᠢ ᠶᠢ ᠭᠡᠷᠡᠴᠢᠯᠡᠬᠦ ᠪᠢᠴᠢᠭ ᠮᠠᠲ᠋ᠧᠷᠢᠶᠠᠯ ᠪᠣᠯᠭᠠᠵᠤ ᠪᠣᠯᠣᠨ᠎ᠠ᠃ | 2. ᠪᠠᠷᠢᠯᠭ᠎ᠠ ᠶᠢᠨ ᠲᠠᠯᠠᠪᠠᠶ ᠶᠢ ᠨᠡᠮᠡᠭᠳᠡᠭᠦᠯᠬᠦ ᠦᠭᠡᠢ ︵ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ | ᠪᠠᠭᠲᠠᠨ᠎ᠠ︶᠂ ᠪᠠᠷᠢᠯᠭ᠎ᠠ ᠶᠢᠨ ᠪᠦᠲᠦᠴᠡ ᠶᠢ ᠬᠤᠪᠢᠷᠠᠭᠤᠯᠬᠤ ᠦᠭᠡᠢ ᠥᠭᠡᠷᠡᠴᠢᠯᠡᠯᠲᠡ ᠶᠢᠨ ᠲᠥᠷᠥᠯ ᠵᠦᠢᠯ ᠳᠤ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠢ ᠭᠦᠢᠴᠡᠳᠬᠡᠬᠦ ᠴᠢᠬᠤᠯᠠ | ᠦᠭᠡᠢ᠃ | 3. ᠪᠠᠷᠢᠯᠭ᠎ᠠ ᠪᠠᠷᠢᠬᠤ ᠶᠢ ᠵᠥᠪᠰᠢᠶᠡᠷᠡᠬᠦ ᠴᠢᠬᠤᠯᠠ ᠨᠥᠬᠦᠴᠡᠯ ᠢ ᠳᠥᠭᠦᠮᠴᠢᠯᠡᠵᠦ᠂ ᠪᠣᠳᠠᠲᠠᠢ ᠲᠠᠢ ᠪᠠᠨ | ᠤᠶᠠᠯᠳᠤᠭᠤᠯᠤᠨ᠂ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠭᠡᠷᠡᠴᠢᠯᠡᠯ᠂ ᠮᠡᠷᠭᠡᠵᠢᠯ ᠤᠨ | ᠮᠠᠲ᠋ᠧᠷᠢᠶᠠᠯ ᠵᠡᠷᠭᠡ ᠳᠤ ᠮᠡᠳᠡᠭᠳᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠵᠦ ᠪᠣᠯᠣᠨ᠎ᠠ᠃ | 4. ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠳᠠᠭᠤᠰᠬᠠᠭᠰᠠᠨ ᠤ ᠳᠠᠷᠠᠭ᠎ᠠ᠂ ᠬᠤᠰᠢᠭᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠭᠤᠣᠯ ᠴᠣᠭᠴᠠ ᠨᠢ ᠬᠠᠮᠢᠶ᠎ᠠ ᠪᠦᠬᠦᠢ ᠰᠠᠯᠠᠭ᠎ᠠ ᠮᠥᠴᠢᠷ᠂ | ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ᠂ ᠰᠠᠭᠤᠭᠠᠯᠢ ᠠᠷᠠᠳ ᠤᠨ ᠲᠥᠯᠥᠭᠡᠯᠡᠭᠴᠢ ᠵᠡᠷᠭᠡ ᠶᠢ | ᠵᠣᠬᠢᠶᠠᠨ ᠪᠠᠶᠢᠭᠤᠯᠵᠤ ᠲᠥᠷᠥᠯ ᠵᠦᠢᠯ ᠢ ᠬᠠᠮᠲᠤᠷᠠᠨ ᠰᠢᠯᠭᠠᠨ ᠬᠤᠷᠢᠶᠠᠵᠤ᠂ ᠬᠠᠮᠲᠤᠷᠠᠨ ᠰᠢᠯᠭᠠᠨ ᠬᠤᠷᠢᠶᠠᠬᠤ | ᠰᠠᠨᠠᠯ ᠢ ᠪᠦᠷᠢᠯᠳᠦᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ ᠣᠯᠭᠤᠬᠤ ᠠᠴᠠ ᠬᠡᠯᠲᠦᠷᠢᠭᠦᠯᠬᠦ ᠥᠭᠡᠷᠡᠴᠢᠯᠡᠬᠦ ᠲᠥᠷᠥᠯ ᠵᠦᠢᠯ ᠲᠤ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠲᠥᠯᠦᠪᠵᠢᠭᠦᠯᠭᠡ ᠶᠢ ᠬᠢᠨᠠᠨ ᠬᠠᠷᠭᠤᠭᠤᠯᠬᠤ ᠬᠡᠷᠡᠭ | ᠦᠭᠡᠢ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ | ᠨᠢ ᠥᠭᠡᠷᠡᠴᠢᠯᠡᠬᠦ ᠲᠥᠷᠥᠯ ᠵᠦᠢᠯ ᠤᠨ ᠪᠠᠷᠢᠯᠭ᠎ᠠ ᠶᠢᠨ ᠪᠣᠳᠠᠲᠠᠢ ᠪᠦᠷᠢᠯᠳᠦᠭᠰᠡᠨ ᠪᠢᠴᠢᠭ ᠮᠠᠲ᠋ᠧᠷᠢᠶᠠᠯ ᠢ | ᠦᠨᠳᠦᠰᠦᠯᠡᠨ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃ ᠪᠠᠷᠢᠯᠭ᠎ᠠ ᠪᠠᠷᠢᠭᠤᠯᠬᠤ ᠨᠢᠭᠡᠴᠡ ᠨᠢ ᠪᠠᠷᠢᠯᠭ᠎ᠠ ᠶᠢᠨ | ᠠᠵᠢᠯ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ᠂ ᠪᠠᠷᠢᠯᠭ᠎ᠠ ᠪᠠᠷᠢᠬᠤ ᠨᠢᠭᠡᠴᠡ ᠶᠢᠨ ᠭᠠᠷ ᠤᠨ ᠥᠰᠥᠭ | ᠵᠢᠷᠤᠭᠰᠠᠨ ᠪᠠᠷᠢᠯᠭ᠎ᠠ ᠶᠢᠨ ᠶᠠᠰᠤ ᠴᠢᠨᠠᠷ ᠢ ᠵᠠᠰᠠᠬᠤ ᠶᠢ ᠪᠠᠲᠤᠯᠠᠬᠤ ᠪᠢᠴᠢᠭ ᠪᠣᠯᠣᠨ ᠬᠠᠮᠲᠤᠷᠠᠨ ᠰᠢᠯᠭᠠᠨ ᠠᠪᠤᠭᠰᠠᠨ | ᠰᠠᠨᠠᠯ ᠢᠶᠠᠨ ᠲᠤᠰᠢᠶᠠᠪᠠᠯ ᠳᠠᠷᠤᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠳᠠᠩᠰᠠᠯᠠᠭᠤᠯᠬᠤ ᠪᠠᠷ | ᠭᠤᠶᠤᠴᠢᠯᠠᠵᠤ ᠪᠣᠯᠣᠨ᠎ᠠ᠃ | 5. ᠴᠠᠬᠢᠯᠭᠠᠨ ᠱᠠᠲᠤ ᠨᠡᠮᠡᠵᠦ ᠤᠭᠰᠠᠷᠠᠬᠤ ᠲᠥᠷᠥᠯ ᠵᠦᠢᠯ ᠳᠤ᠂ ᠴᠠᠬᠢᠯᠭᠠᠨ ᠱᠠᠲᠤ ᠤᠭᠰᠠᠷᠠᠬᠤ ᠨᠢᠭᠡᠴᠡ | ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ | ᠠᠮᠤᠷ ᠲᠦᠪᠰᠢᠨ ᠤ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠪᠠᠷᠢᠯᠭ᠎ᠠ ᠶᠢᠨ ᠠᠵᠢᠯ ᠤᠨ ᠮᠡᠳᠡᠭᠳᠡᠯ ᠢ | ᠭᠦᠢᠴᠡᠳᠬᠡᠵᠦ᠂ ᠴᠠᠬᠢᠯᠭᠠᠨ ᠱᠠᠲᠤ ᠤᠭᠰᠠᠷᠠᠬᠤ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠶᠢ ᠭᠤᠶᠤᠴᠢᠯᠠᠬᠤ | ᠬᠡᠷᠡᠭᠲᠡᠢ᠃ ᠴᠠᠬᠢᠯᠭᠠᠨ ᠱᠠᠲᠤ ᠨᠡᠮᠡᠵᠦ ᠤᠭᠰᠠᠷᠠᠬᠤ ᠲᠥᠷᠥᠯ ᠵᠦᠢᠯ ᠢ ᠬᠠᠮᠲᠤᠷᠠᠨ ᠰᠢᠯᠭᠠᠨ ᠠᠪᠬᠤ ᠶᠢ | ᠥᠩᠭᠡᠷᠡᠭᠡᠭᠰᠡᠨ ᠤ ᠳᠠᠷᠠᠭ᠎ᠠ᠂ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠪᠤᠶᠤ ᠠᠰᠢᠭᠯᠠᠯᠲᠠ ᠳᠤ | ᠣᠷᠣᠭᠤᠯᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠣᠨᠴᠠ ᠲᠥᠷᠥᠯ ᠤᠨ | ᠲᠥᠬᠦᠭᠡᠷᠦᠮᠵᠢ ᠶᠢᠨ ᠬᠡᠷᠡᠭᠯᠡᠯᠲᠡ ᠶᠢᠨ ᠳᠠᠩᠰᠠᠯᠠᠯᠲᠠ ᠶᠢ ᠲᠣᠭᠲᠠᠭᠠᠯ ᠶᠣᠰᠣᠭᠠᠷ ᠭᠦᠢᠴᠡᠳᠬᠡᠨ᠎ᠡ᠃ | ︵ᠭᠤᠷᠪᠠ︶ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠢ ᠰᠢᠯᠢᠳᠡᠭᠵᠢᠭᠦᠯᠦᠨ ᠥᠭᠡᠷᠡᠴᠢᠯᠡᠬᠦ | ᠬᠡᠷᠡᠭᠲᠡᠢ | 1. ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠨᠢᠭᠡᠨᠲᠡ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠣᠭᠲᠠᠭᠠᠭᠰᠠᠨ ᠲᠥᠷᠥᠯ ᠵᠦᠢᠯ ᠳᠤ ᠭᠠᠵᠠᠷ ᠰᠢᠷᠣᠢ᠂ | ᠲᠥᠯᠦᠪᠵᠢᠭᠦᠯᠭᠡ ᠶᠢᠨ ᠲᠠᠯ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠳᠠᠭᠢᠵᠤ ᠬᠠᠩᠭᠠᠬᠤ ᠦᠭᠡᠢ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠪᠴᠢᠶᠡᠨ ᠳᠤ ᠬᠠᠷᠢᠶᠠᠯᠠᠭᠳᠠᠪᠠᠯ ᠵᠠᠰᠠᠭ ᠤᠨ ᠣᠷᠳᠣᠨ ᠤ | ᠬᠤᠳᠠᠯᠳᠤᠨ ᠠᠪᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | 2. ︽ᠨᠠᠷᠢᠨ ᠬᠠᠭᠤᠳᠠᠰᠤ ᠶᠢᠨ ᠳᠦᠷᠢᠮ + ᠮᠡᠳᠡᠭᠳᠡᠬᠦ ᠠᠮᠠᠯᠠᠯᠲᠠ ᠶᠢᠨ ᠳᠦᠷᠢᠮ︾ ᠢ ᠬᠡᠷᠡᠭᠵᠢᠭᠦᠯᠦᠨ᠎ᠡ᠃ | ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠮᠠᠯᠠᠯᠲᠠ ᠪᠠᠨ ᠮᠡᠳᠡᠭᠳᠡᠬᠦ ᠵᠦᠢᠯᠡᠰ ᠤᠨ ᠨᠠᠷᠢᠨ ᠬᠠᠭᠤᠳᠠᠰᠤ ᠪᠠ | ᠭᠤᠶᠤᠴᠢᠯᠠᠯ ᠤᠨ ᠮᠠᠲ᠋ᠧᠷᠢᠶᠠᠯ ᠢ ᠬᠡᠷᠡᠭᠯᠡᠵᠦ ᠪᠣᠯᠬᠤ ᠶᠢ ᠲᠣᠳᠣᠷᠬᠠᠶᠢᠯᠠᠵᠤ᠂ ᠪᠦᠲᠦᠭᠡᠨ ᠪᠠᠶᠢᠭᠤᠯᠬᠤ ᠨᠢᠭᠡᠴᠡ ᠨᠢ | ᠬᠠᠮᠢᠶ᠎ᠠ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠪᠠ ᠬᠠᠤᠯᠢ ᠶᠣᠰᠣᠴᠢ ᠴᠢᠨᠠᠷ ᠢ ᠬᠠᠩᠭᠠᠬᠤ ᠪᠠᠷ ᠠᠮᠠᠯᠠᠵᠤ᠂ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠭᠤᠶᠤᠴᠢᠯᠠᠭᠴᠢ ᠶᠢᠨ ᠢᠲᠡᠭᠡᠮᠵᠢ ᠵᠡᠷᠭᠡ ᠪᠠᠶᠢᠳᠠᠯ ᠢ ᠦᠨᠳᠦᠰᠦᠯᠡᠨ | ᠰᠢᠭᠤᠳ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠵᠤ ᠪᠣᠯᠣᠨ᠎ᠠ᠃ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠨᠢ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠬᠢᠨᠠᠨ ᠵᠥᠪᠰᠢᠶᠡᠷᠡᠬᠦ ᠵᠦᠢᠯᠡᠰ ᠢ ᠪᠠᠷᠢᠯᠭ᠎ᠠ ᠳᠠᠭᠤᠰᠴᠤ ᠰᠢᠯᠭᠠᠨ | ᠠᠪᠬᠤ ᠠᠴᠠ ᠡᠮᠦᠨ᠎ᠡ ᠬᠠᠷᠭᠤᠭᠤᠯᠤᠨ ᠪᠠᠶᠢᠴᠠᠭᠠᠵᠤ᠂ ᠭᠤᠶᠤᠴᠢᠯᠠᠭᠴᠢ ᠨᠢ ᠠᠮᠠᠯᠠᠯᠲᠠ ᠪᠠᠨ ᠭᠦᠢᠴᠡᠳᠬᠡᠭᠰᠡᠨ | ᠦᠭᠡᠢ ᠪᠠᠶᠢᠪᠠᠯ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠮᠠᠯᠠᠭᠴᠢ ᠶᠢ ᠵᠠᠷᠯᠢᠭᠳᠠᠵᠤ ᠪᠠᠶᠢᠭᠠᠳ ᠲᠣᠭᠲᠠᠭᠰᠠᠨ | ᠬᠤᠭᠤᠴᠠᠭᠠᠨ ᠳᠤ ᠠᠮᠠᠯᠠᠯᠲᠠ ᠪᠠᠨ ᠭᠦᠢᠴᠡᠳᠬᠡᠬᠦ ᠶᠢᠨ ᠬᠠᠮᠲᠤ ᠬᠠᠮᠢᠶ᠎ᠠ ᠪᠦᠬᠦᠢ ᠢᠲᠡᠭᠡᠮᠵᠢ ᠶᠢᠨ ᠰᠢᠰᠲ᠋ᠧᠮ ᠳᠤ | ᠣᠷᠣᠭᠤᠯᠤᠨ᠎ᠠ᠃ | 3. ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠎ᠡ᠃ ᠥᠭᠡᠷᠡᠴᠢᠯᠡᠬᠦ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠬᠢᠨᠠᠨ ᠵᠥᠪᠰᠢᠶᠡᠷᠡᠬᠦ ᠰᠢᠰᠲ᠋ᠧᠮ ᠠᠴᠠ | ᠭᠠᠳᠠᠨ᠎ᠠ ᠬᠢᠨᠠᠨ ᠵᠥᠪᠰᠢᠶᠡᠷᠡᠬᠦ ᠵᠦᠢᠯᠡᠰ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ |