ᠶᠣᠣ ᠬᠤᠩ ᠭᠠᠩ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠠᠶᠤᠯᠭᠦᠢ ᠦᠢᠯᠡᠳᠪᠦᠷᠢᠯᠡᠯ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/6/7
    6 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠠᠨᠬᠤᠸᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠶᠣᠣ ᠬᠤᠩ ᠭᠠᠩ ᠨᠠᠷ ᠪᠠᠶᠠᠨᠬᠤᠸᠠ ᠨᠢᠭᠡᠳᠦᠭᠡᠷ ᠠᠭᠤᠷᠬᠠᠢ᠂ ᠪᠦᠦ ᠱᠦᠸᠧ ᠰᠢᠨ᠎ᠡ  ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠮᠧᠩ ᠭᠦᠢ ᠴᠡᠪᠡᠷ ᠥᠭᠡᠬᠦᠨ ᠴᠢᠯᠠᠭᠤᠨ ᠡᠯᠡᠰᠦ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠤ ᠲᠦᠷᠦᠯ ᠵᠦᠢᠯ᠂ ᠳ᠋ᠦᠩ ᠯᠢᠶᠠᠨ ᠣᠷᠴᠢᠯ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ ᠪᠠᠶᠠᠨᠬᠤᠸᠠ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠦᠷᠳᠡᠭᠡ᠂ ᠠᠶᠤᠯ ᠲᠠᠢ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠮᠠᠰᠢᠨ ᠤ ᠲᠤᠰᠬᠠᠢ ᠵᠣᠭᠰᠣᠭᠠᠯ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠵᠡᠷᠭᠡ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠭᠦᠨᠵᠡᠭᠡᠶᠢᠷᠡᠨ ᠪᠠᠶᠢᠴᠠᠭᠠᠵᠤ᠂ ᠠᠵᠤ ᠠᠬᠤᠶᠢᠯᠠᠯ ᠤᠨ ᠡᠵᠡᠩᠨᠡᠯᠲᠡ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠦᠭᠡᠢ ᠠᠭᠤᠷᠬᠠᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠭᠰᠠᠨ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠠᠢ᠃     ᠶᠣᠣ ᠬᠤᠩ ᠭᠠᠩ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠨᠢ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠪᠠᠲᠤᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠪᠣᠬᠢᠷᠲᠤᠯ ᠪᠣᠯᠣᠨ ᠠᠶᠤᠯᠭᠦᠢ ᠦᠢᠯᠡᠳᠪᠦᠷᠢᠯᠡᠯ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠢᠯᠠᠩᠭᠤᠶ᠎ᠠ ᠡᠮᠦᠨ᠎ᠡ ᠹᠷᠣᠨᠲ ᠤᠨ ᠠᠵᠢᠯᠲᠠᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠳᠦᠷᠢᠮᠵᠢᠭᠦᠯᠦᠨ ᠴᠢᠩᠭᠠᠳᠬᠠᠵᠤ᠂ ︽ᠭᠤᠷᠪᠠ ᠶᠢ ᠵᠥᠷᠢᠴᠡᠬᠦ︾ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠨ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠶᠢ ᠪᠦᠲᠦᠮᠵᠢᠲᠡᠶ ᠨᠡᠮᠡᠭᠳᠡᠭᠦᠯᠦᠨ᠂ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠲᠣᠳᠣᠷᠬᠠᠢ ᠲᠣᠬᠢᠷᠠᠭᠤᠯᠵᠤ᠂ ᠲᠥᠯᠥᠪᠯᠡᠭᠡ ᠲᠠᠢ ᠠᠬᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠵᠤ᠂ ᠲᠥᠷᠥᠯ ᠵᠦᠢᠯ ᠢ ᠬᠡᠪ ᠳᠠᠭᠤᠷᠢᠶᠠᠯ ᠦᠵᠡᠭᠦᠯᠦᠭᠰᠡᠨ ᠰᠣᠳᠣᠨ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号