ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 5  ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠤᠨ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠲᠡᠭᠦᠪᠦᠷᠢ︾ ᠶᠢ ᠲᠤᠰᠬᠠᠢ ᠰᠡᠳᠦᠪ ᠢᠶᠠᠷ ᠰᠤᠷᠤᠯᠴᠠᠨ᠂ ᠭᠦᠨᠵᠡᠭᠡᠢ ᠰᠣᠯᠢᠯᠴᠠᠵᠤ ᠰᠤᠳᠤᠯᠤᠨ ᠶᠠᠷᠢᠯᠴᠠᠵᠠᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃
    ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠨᠢ ᠰᠠᠬᠢᠯᠭ᠎ᠠ ᠪᠠᠲᠤ ᠶᠢᠨ ᠪᠠᠶᠢᠭᠤᠯᠤᠯᠲᠠ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ ᠤ ᠨᠠᠮ ᠶᠠᠭᠤᠨ ᠳᠤ ᠰᠠᠬᠢᠯᠭ᠎ᠠ ᠪᠠᠲᠤ ᠶᠢᠨ ᠬᠥᠮᠦᠵᠢᠯ ᠢ ᠥᠷᠨᠢᠭᠦᠯᠬᠦ᠂ ᠶᠠᠮᠠᠷ ᠶᠠᠩᠵᠤ ᠶᠢᠨ ᠰᠠᠬᠢᠯᠭ᠎ᠠ ᠪᠠᠲᠤ ᠶᠢᠨ ᠬᠥᠮᠦᠵᠢᠯ ᠢ ᠥᠷᠨᠢᠭᠦᠯᠬᠦ᠂ ᠰᠠᠬᠢᠯᠭ᠎ᠠ ᠪᠠᠲᠤ ᠶᠢᠨ ᠬᠥᠮᠦᠵᠢᠯ ᠢ ᠬᠡᠷᠬᠢᠨ ᠥᠷᠨᠢᠭᠦᠯᠬᠦ ᠵᠡᠷᠭᠡ ᠴᠢᠬᠤᠯᠠ  ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠡᠢ᠃ ᠪᠦᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠳ ᠭᠦᠨᠵᠡᠭᠡᠢ ᠰᠤᠷᠤᠯᠴᠠᠨ ᠣᠶᠢᠯᠠᠭᠠᠬᠤ ᠶᠢ ᠪᠠᠷᠢᠮᠲᠠᠯᠠᠨ᠂ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠰᠤᠷᠤᠯᠴᠠᠨ ᠣᠶᠢᠯᠠᠭᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠡᠭᠦᠷᠭᠡ ᠪᠣᠯᠭᠠᠵᠤ᠂ ᠴᠢᠬᠤᠯᠠ ᠥᠭᠦᠯᠡᠯᠲᠡ ᠶᠢᠨ ᠡᠯ᠎ᠡ ᠲᠠᠯ᠎ᠠ ᠶᠢᠨ ᠱᠠᠭᠠᠷᠳᠠᠯᠭ᠎ᠠ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ  ᠲᠤᠤᠱᠯᠠᠭᠤᠯᠤᠨ᠂ ᠥᠪᠡᠷ ᠢ ᠪᠠᠨ  ᠴᠡᠭᠴᠡᠯᠡᠬᠦ᠂ ᠥᠪᠡᠷ ᠢ ᠪᠠᠨ ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ  ᠶᠢᠨ ᠰᠢᠢᠳᠬᠡᠯ ᠥᠭᠬᠦ ᠳᠦᠷᠢᠮ︾ ᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠬᠤ ᠶᠢ ᠴᠢᠬᠤᠯᠠᠴᠢᠯᠠᠵᠤ᠂ ᠨᠠᠮᠴᠢ ᠴᠢᠨᠠᠷ ᠤᠨ ᠬᠥᠮᠦᠵᠢᠯ᠂ ᠠᠷᠢᠭᠤᠨ ᠴᠢᠬᠡᠴᠢ ᠶᠢᠨ ᠬᠥᠮᠦᠵᠢᠯ ᠢ ᠲᠤᠤᠱᠲᠠᠢ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠳᠠᠭᠠᠭᠤᠯᠵᠤ ᠨᠠᠮ ᠤᠨ ᠤᠯᠤᠰ ᠲᠦᠷᠦ  ᠶᠢᠨ ᠰᠠᠬᠢᠯᠭ᠎ᠠ ᠪᠠᠲᠤ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠬᠡᠷᠡᠭᠵᠢᠭᠦᠯᠬᠦ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠵᠦ᠂ ᠰᠠᠬᠢᠯᠭ᠎ᠠ ᠪᠠᠲᠤ ᠶᠣᠰᠣ ᠳᠦᠷᠢᠮ ᠢ ᠦᠨᠡᠨᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠪᠠᠷᠠᠭᠤᠨ ᠦᠵᠦᠮᠦᠴᠢᠨ ᠬᠤᠰᠢᠭᠤᠨ  ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号