︽@ ᠴᠠᠭᠠᠨ ᠠᠳᠣᠭᠤ︾ ᠰᠣᠶᠣᠯ ᠵᠢᠭᠤᠯᠴᠢᠯᠠᠯ ᠤᠨ ᠨᠠᠶᠢᠷ ᠤᠨ ᠬᠡᠦᠬᠡᠳ ᠤᠨ ᠪᠥᠬᠡ ᠶᠢᠨ  ᠪᠠᠷᠢᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 29᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽@  ᠴᠠᠭᠠᠨ ᠠᠳᠣᠭᠤ︾ ᠰᠣᠶᠣᠯ  ᠵᠢᠭᠤᠯᠴᠢᠯᠠᠯ ᠤᠨ ᠨᠠᠶᠢᠷ ᠤᠨ ᠬᠡᠦᠬᠡᠳ ᠤᠨ ᠪᠥᠬᠡ ᠶᠢᠨ  ᠪᠠᠷᠢᠯᠳᠤᠭᠠᠨ ᠨᠠᠭᠠᠳᠤᠮ ᠤᠨ ᠲᠠᠯᠠᠪᠠᠶ ᠳᠤ ᠶᠠᠪᠤᠭᠳᠠᠪᠠ᠃
         ᠬᠡᠦᠬᠡᠳ ᠤᠨ ᠪᠥᠬᠡ ᠶᠢᠨ ᠪᠠᠷᠢᠯᠳᠣᠭᠠᠨ ᠨᠢ ᠲᠠᠯ᠎ᠠ ᠨᠤᠲᠤᠭ ᠤᠨ  ᠦᠨᠳᠦᠰᠦᠲᠡᠨ ᠤ ᠣᠨᠴᠠᠯᠢᠭ  ᠲᠠᠢ ᠤᠯᠠᠮᠵᠢᠯᠠᠯᠲᠤ ᠪᠡᠶ᠎ᠡ ᠲᠠᠮᠢᠷ ᠤᠨ ᠬᠥᠳᠡᠯᠭᠡᠭᠡᠨ  ᠤ ᠨᠢᠭᠡ ᠲᠥᠷᠦᠯ ᠪᠠᠶᠢᠵᠤ᠂ ᠪᠠᠷᠢᠯᠳᠤᠭᠠᠨ ᠢᠶᠠᠷ ᠳᠠᠮᠵᠢᠨ ᠪᠢᠴᠢᠬᠠᠨ  ᠪᠥᠬᠡᠴᠣᠳ ᠴᠣᠯᠭᠤᠷᠠᠨ ᠭᠠᠷᠴᠤ᠂ ᠤᠯᠠᠮᠵᠢᠯᠠᠯᠲᠤ ᠪᠥᠬᠡ ᠶᠢᠨ ᠰᠤᠶᠤᠯ ᠵᠠᠩᠰᠢᠯ ᠢ ᠤᠯᠠᠮᠵᠢᠯᠠᠨ ᠵᠠᠯᠭᠠᠮᠵᠢᠯᠠᠵᠤ  ᠂ ᠪᠡᠶ᠎ᠡ ᠲᠠᠮᠢᠷ ᠤᠨ ᠦᠢᠯᠡᠰ ᠤᠨ ᠬᠦᠭᠵᠢᠯᠲᠡ ᠳᠤ ᠰᠠᠭᠤᠷᠢ ᠲᠠᠯᠪᠢᠳᠠᠭ᠃
     ᠬᠡᠦᠬᠡᠳ ᠤᠨ ᠪᠥᠬᠡ ᠶᠢᠨ ᠪᠠᠷᠢᠯᠳᠣᠭᠠᠨ ᠨᠢ  ᠬᠡᠣᠬᠡᠳ ᠪᠠᠭᠠᠴᠣᠳ ᠤᠨ ᠬᠤᠭᠤᠷᠤᠨᠳᠤᠬᠢ ᠪᠢᠷ᠎ᠠ ᠴᠢᠳᠠᠯ ᠤᠨ ᠥᠷᠢᠰᠦᠯᠳᠦᠭᠡᠨ ᠪᠣᠯᠬᠤ ᠪᠠᠷ ᠪᠠᠷᠠᠬᠤ ᠦᠭᠡᠢ᠂ ᠨᠡᠩ ᠴᠤ ᠬᠡᠦᠬᠡᠳ ᠪᠠᠭᠠᠴᠣᠳ ᠤᠨ ᠰᠥᠰᠥ ᠵᠣᠷᠢᠭ ᠪᠠ ᠬᠤᠷᠴᠠ ᠰᠡᠷᠡᠯ ᠤᠨ ᠰᠢᠯᠭᠠᠯᠲᠠ ᠪᠣᠯᠬᠤ ᠶᠤᠮ᠃ ᠣᠷᠣᠯᠳᠣᠭᠠᠨ ᠳᠤ᠂ ᠪᠢᠴᠢᠬᠠᠨ ᠪᠦᠬᠡᠴᠢᠳ ᠬᠡᠳᠦᠶᠢᠪᠡᠷ ᠨᠠᠰᠤ ᠪᠠᠭ᠎ᠠ ᠴᠤ ᠬᠥᠳᠡᠯᠦᠯ ᠪᠠᠷᠢᠯ ᠨᠢ ᠪᠤᠰᠢᠭᠤ ᠱᠠᠯᠠᠮᠠᠭᠠᠢ᠂ ᠰᠡᠷᠡᠯ ᠮᠡᠳᠡᠷᠡᠮᠵᠢ ᠬᠤᠷᠴᠠ ᠪᠠᠶᠢᠵᠤ᠂ ᠪᠠᠭᠠᠴᠣᠳ ᠬᠡᠣᠬᠡᠳ ᠤᠨ ᠴᠤᠭ ᠵᠢᠪᠬᠤᠭ᠎ᠠ ᠶᠢ  ᠢᠯᠡᠷᠡᠭᠦᠯᠦᠭᠰᠡᠨ ᠪᠠᠶᠢᠨ᠎ᠠ᠃ ᠡᠶᠢᠮᠦᠷᠬᠦᠦ ᠤᠷᠤᠯᠳᠤᠭᠠᠨ ᠳᠤ ᠣᠷᠣᠯᠴᠠᠬᠤ ᠪᠠᠷ ᠳᠠᠮᠵᠢᠭᠠᠳ᠂ ᠬᠡᠦᠬᠡᠳ ᠤᠳ ᠪᠡᠶ᠎ᠡ ᠪᠠᠨ ᠪᠣᠯᠪᠠᠰᠤᠷᠠᠭᠤᠯᠬᠤ ᠶᠢᠨ ᠬᠠᠮᠲᠤ ᠥᠷᠢᠰᠦᠯᠳᠦᠭᠡᠨ ᠳᠤ ᠬᠡᠷᠬᠢᠨ ᠬᠠᠨᠳᠤᠬᠤ᠂ ᠬᠦᠴᠢᠷ ᠪᠡᠷᠬᠡᠰᠢᠶᠡᠯ ᠢ ᠬᠡᠷᠬᠢᠨ ᠢᠯᠠᠨ ᠳᠠᠪᠠᠭ᠋ᠤ ᠶᠢ ᠰᠤᠷᠳᠠᠭ᠂ ᠡᠨᠡ ᠨᠢ ᠬᠡᠦᠬᠡᠳ ᠤᠳ ᠤᠨ ᠦᠰᠦᠨ ᠪᠤᠶᠢᠵᠢᠯᠲᠠ ᠳᠤ ᠨᠡᠩ ᠰᠠᠶᠢᠨ ᠲᠠᠪᠴᠠᠩ ᠪᠤᠯᠳᠠᠭ ᠭᠡᠵᠦ ᠭᠡᠷ ᠤᠨ ᠠᠬᠠᠮᠠᠳ ᠤᠳ  ᠢᠯᠡᠳᠬᠡᠵᠡᠭᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号