ᠡᠨᠡ ᠬᠦ ᠣᠬᠤᠷ ᠮᠡᠳᠡᠭᠡ ᠶᠢ ᠣᠯᠣᠭᠰᠠᠨ ᠤ ᠳᠠᠷᠠᠭ᠎ᠠ ᠳᠠᠷᠤᠢ ᠳᠤᠨᠢ ᠬᠠᠰᠤᠵᠤ ᠬᠠᠶᠠ
ᠨᠡᠶᠢᠲᠡᠯᠡᠭᠰᠡᠨ ᠴᠠᠭ᠄
2024/7/1
     ᠠᠷᠠᠳ ᠤᠨ ᠰᠦᠯᠵᠢᠶ᠎ᠡ ᠶᠢᠨ 16᠎ ᠤ ᠡᠳᠦᠷ ᠤᠨ ᠮᠡᠳᠡᠭᠡ᠄ ᠵᠠᠷᠢᠮ ᠰᠦᠯᠵᠢᠶᠡᠨ ᠨᠠᠶᠢᠵᠠ ᠨᠠᠷ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠳᠠᠷᠠᠭ᠎ᠠ᠂ ᠲᠡᠳᠡ ᠤ ᠰᠢᠯᠭᠠᠯᠲᠠ ᠶᠢᠨ ᠳᠤᠮᠳᠠ ᠬᠡᠮ ᠬᠢᠭᠰᠡᠨ ᠦᠢᠯᠡ ᠠᠵᠢᠯᠯᠠᠭ᠎ᠠ  ᠶᠢ ᠢᠯᠡᠷᠡᠭᠦᠯᠵᠦ᠂ ᠲᠤᠰ ᠬᠢᠴᠢᠶᠡᠯ ᠤᠨ ᠬᠢᠷᠢ ᠪᠦᠲᠦᠮᠵᠢ ᠨᠢ 0 ᠬᠤᠪᠢ ᠪᠣᠯᠣᠨ᠎ᠠ ᠭᠡᠰᠡᠨ ᠣᠬᠤᠷ ᠮᠡᠳᠡᠭᠡ ᠣᠯᠣᠭᠰᠠᠨ ᠪᠥᠭᠡᠳ ︽ᠰᠤᠷᠭᠠᠨ ᠬᠥᠮᠦᠵᠢᠯ ᠤᠨ ᠰᠠᠯᠠᠭ᠎ᠠ ᠮᠥᠴᠢᠷ︾᠎ ᠤᠨ ᠤᠲᠠᠰᠤ ᠪᠠᠷ ᠲᠡᠭᠦᠨ ᠢ ᠤᠲᠠᠰᠤ ᠶᠠᠪᠤᠭᠤᠯᠵᠤ ᠯᠠᠪᠯᠠᠭᠤᠯᠬᠤ  ᠶᠢ ᠵᠠᠬᠢᠭᠰᠠᠨ ᠪᠠᠶᠢᠨ᠎ᠠ ᠭᠡᠵᠦ ᠲᠤᠰᠬᠠᠪᠠ᠃ ᠡᠭᠦᠨ ᠤ ᠲᠤᠬᠠᠢ ᠴᠠᠭᠳᠠᠭᠠᠨ ᠤ ᠲᠠᠯ᠎ᠠ ᠶᠢᠨ ᠎ ᠬᠢᠨ ᠰᠠᠨᠠᠭᠤᠯᠤᠭᠰᠠᠨ ᠨᠢ᠄ ᠡᠨᠡ ᠪᠣᠯ ᠨᠡᠶᠢᠲᠡᠯᠢᠭ ᠴᠢᠨᠠᠷᠲᠠᠢ ᠣᠬᠤᠷ ᠮᠡᠳᠡᠭᠡ  ᠶᠢᠨ ᠮᠡᠬᠡᠯᠡᠯ ᠮᠥᠨ᠂ ᠨᠥᠭᠦᠭᠡ ᠡᠲᠡᠭᠡᠳ ᠨᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠤᠶᠤ ᠪᠤᠰᠤᠳ ᠰᠠᠯᠠᠭ᠎ᠠ ᠮᠥᠴᠢᠷ ᠢᠶᠠᠷ ᠣᠪᠯᠠᠨ ᠴᠢᠮ᠎ᠠ ᠪᠠᠷ ᠤᠲᠠᠰᠤ ᠲᠣᠰᠣᠭᠤᠯᠵᠤ᠂ ᠣᠬᠤᠷ ᠮᠡᠳᠡᠭᠡ  ᠶᠢᠨ ᠴᠥᠷᠬᠡᠯᠡᠭᠡ ᠶᠢ ᠲᠣᠪᠴᠢᠳᠠᠬᠤ ᠪᠤᠶᠤ App᠎ ᠶᠢ ᠪᠠᠭᠤᠯᠭᠠᠨ ᠠᠪᠴᠤ᠂ ᠮᠡᠳᠡᠭᠡ ᠵᠠᠩᠭᠢ ᠶᠢ ᠴᠢᠨᠢ ᠠᠯᠬᠤᠮ ᠠᠯᠬᠤᠮ ᠢᠶᠠᠷ ᠤᠬᠠᠭᠠᠯᠠᠨ ᠠᠪᠴᠤ᠂ ᠡᠴᠦᠰ ᠲᠡᠭᠡᠨ ᠲᠠᠨ ᠢ ᠳᠠᠩᠰᠠ ᠰᠢᠯᠵᠢᠭᠦᠯᠵᠦ ᠵᠣᠭᠤᠰ ᠭᠤᠪᠢᠭᠤᠯᠬᠤ ᠮᠡᠬᠡᠨ ᠳᠤ ᠣᠷᠣᠭᠤᠯᠤᠨ᠎ᠠ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号