ᠪᠠᠷᠠᠭᠤᠨ ᠦᠵᠦᠮᠦᠴᠢᠨ ᠬᠤᠰᠢᠭᠤᠨ ᠤ ᠰᠦᠢᠳᠬᠡᠯ ᠬᠤᠷᠢᠶᠠᠬᠤ ᠦᠭᠡᠢ ᠨᠡᠶᠢᠲᠡ ᠶᠢᠨ ᠮᠠᠰᠢᠨ ᠲᠡᠷᠭᠡ ᠨᠢ ᠰᠠᠭᠤᠭᠠᠯᠢ ᠠᠷᠠᠳ ᠲᠤ ᠳᠦᠭᠦᠮ ᠦᠵᠡᠭᠦᠯᠦᠨ᠎ᠡ
ᠨᠡᠶᠢᠲᠡᠯᠡᠭᠰᠡᠨ ᠴᠠᠭ᠄
2024/7/1
     ᠨᠡᠶᠢᠲᠡ ᠶᠢᠨ ᠮᠠᠰᠢᠨ ᠲᠡᠷᠭᠡ ᠨᠢ ᠠᠷᠠᠳ ᠤᠯᠠᠨ ᠤ ᠴᠢᠬᠤᠯᠠ ᠵᠠᠮ ᠬᠠᠷᠢᠯᠴᠠᠭᠠᠨ ᠤ ᠬᠡᠯᠪᠡᠷᠢ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠪᠠ ᠬᠤᠲᠠ ᠶᠢᠨ ᠳᠦᠷᠢ ᠳᠦᠷᠬᠦ ᠳᠤ ᠰᠢᠭᠤᠳ ᠬᠤᠯᠪᠤᠭᠳᠠᠨ᠎ᠠ᠃ 2024 ᠣᠨ ᠤ 2 ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠥᠬᠦ ᠠᠷᠠᠳ ᠠᠴᠠ ᠰᠦᠢᠳᠬᠡᠯ ᠬᠤᠷᠢᠶᠠᠬᠤ ᠦᠭᠡᠢ ᠳᠥᠷᠢᠮ ᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠠᠭᠤᠭᠠᠯᠢ ᠠᠷᠠᠳ ᠲᠤ ᠨᠡᠩ ᠳᠦᠭᠦᠮ ᠲᠥᠳᠡ ᠵᠠᠮ ᠬᠠᠷᠢᠯᠴᠠᠭᠠᠨ ᠤ ᠨᠦᠬᠦᠴᠡᠯ ᠬᠠᠩᠭᠠᠭᠰᠠᠨ ᠪᠠᠶᠢᠨ᠎ᠠ᠃     ᠨᠡᠶᠢᠲᠡ ᠶᠢᠨ ᠮᠠᠰᠢᠨ ᠲᠡᠷᠭᠡ ᠰᠦᠢᠳᠬᠡᠯ ᠬᠤᠷᠢᠶᠠᠬᠤ ᠦᠭᠡᠢ ᠲᠥᠷᠥ ᠶᠢᠨ ᠪᠣᠳᠣᠯᠭ᠎ᠠ ᠶᠢ ᠡᠬᠢᠯᠡᠵᠦ ᠬᠡᠷᠡᠭᠵᠢᠭᠦᠯᠦᠭᠰᠡᠨ ᠠᠴᠠ ᠨᠠᠰᠢ᠂ ᠪᠠᠯᠭᠠᠷᠭᠤᠣᠯ ᠪᠠᠯᠭᠠᠰᠤᠨ ᠳᠤ ᠰᠠᠭᠤᠭ᠎ᠠ ᠯᠢᠦᠢ ᠨᠠᠰᠣᠲᠠᠨ ᠡᠳᠦᠷ ᠪᠦᠷᠢ ᠨᠡᠶᠢᠲᠡ ᠎ ᠶᠢᠨ ᠮᠠᠰᠢᠨ ᠲᠡᠷᠭᠡᠨ ᠳᠤ ᠰᠠᠭᠤᠵᠤ ᠵᠡᠭᠡᠯᠢ ᠳᠤ ᠭᠠᠷᠴᠤ ᠬᠡᠳᠦ ᠳᠡᠯᠭᠡᠭᠦᠷ ᠢᠶᠠᠷ ᠲᠤᠭᠤᠷᠢᠨ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠬᠤ ᠪᠣᠶᠤ ᠰᠠᠳᠤᠨ ᠲᠥᠷᠥᠯ ᠤᠨ ᠬᠢᠨ ᠢᠶᠠᠷ ᠢᠶᠠᠨ ᠠᠶᠢᠯᠴᠢᠯᠠᠳᠠᠭ  ᠪᠠᠶᠢᠨ᠎ᠠ᠃ ︽ᠮᠠᠨ ᠤ ᠨᠠᠰᠤᠲᠠᠶᠢᠴᠤᠳ ᠲᠤ ᠠᠪᠴᠤ ᠬᠡᠯᠡᠪᠡᠯ ᠨᠡᠶᠢᠲᠡ ᠶᠢᠨ ᠮᠠᠰᠢᠨ ᠲᠡᠷᠭᠡ ᠲᠠᠢ ᠪᠣᠯᠣᠭᠰᠠᠨ ᠨᠢ ᠮᠠᠰᠢ ᠳᠦᠭᠦᠮ ᠪᠣᠯᠵᠠᠢ᠃ ᠠᠩᠬ᠎ᠠ ᠡᠬᠢᠨ ᠳᠡᠭᠡᠨ ᠮᠠᠨ ᠤ ᠨᠠᠰᠤᠲᠠᠶᠢᠴᠤᠳ ᠺᠠᠷᠲ ᠳᠠᠩᠰᠠᠯᠠᠵᠤ ᠰᠦᠢᠳᠬᠡᠯ ᠲᠤᠰᠢᠶᠠᠬᠤ ᠦᠭᠡᠢ ᠪᠠᠷ ᠨᠡᠶᠢᠲᠡ ᠎ ᠶᠢᠨ ᠮᠠᠰᠢᠨ ᠳᠤ ᠰᠠᠭᠤᠳᠠᠭ᠃ ᠰᠡᠭᠦᠯᠡᠷ ᠨᠢ ᠪᠥᠬᠦ ᠠᠷᠠᠳ ᠠᠴᠠ ᠰᠦᠢᠳᠬᠡᠯ ᠬᠤᠷᠢᠶᠠᠬᠤ ᠦᠭᠡᠢ ᠪᠣᠯᠵᠠᠢ᠃ ᠡᠨᠡ ᠎ ᠨᠢ ᠨᠠᠮ ᠪᠠ ᠵᠠᠰᠠᠭ ᠤᠨ ᠣᠷᠳᠣᠨ ᠎ ᠤ ᠬᠠᠶᠢᠷ᠎ᠠ ᠬᠠᠯᠠᠮᠵᠢᠯᠠᠯ ᠢ ᠲᠥᠯᠥᠭᠡᠯᠡᠵᠦ᠂ ᠮᠠᠨ ᠤ ᠨᠠᠰᠤᠲᠠᠶᠢᠴᠤᠳ ᠲᠤ ᠥᠲᠡᠯᠦᠭᠡ ᠨᠠᠰᠤᠨ ᠤ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠦᠭᠰᠡᠨ ᠪᠠᠶᠢᠨ᠎ᠠ︾ ᠭᠡᠵᠦ ᠲᠡᠷᠡ ᠶᠠᠷᠢᠯ᠎ᠠ᠃ ᠪᠠᠯᠭᠠᠷᠭᠤᠣᠯ ᠪᠠᠯᠭᠠᠰᠣᠨ ᠤ ᠨᠡᠶᠢᠲᠡ ᠶᠢᠨ ᠮᠠᠰᠢᠨ ᠲᠡᠷᠭᠡ ᠨᠢ ᠰᠦᠢᠳᠬᠡᠯ ᠬᠤᠷᠢᠶᠠᠬᠤ  ᠦᠭᠡᠢ ᠪᠣᠯᠣᠭᠰᠠᠨ ᠴᠤ ᠲᠡᠷᠭᠡᠨ ᠤ ᠡᠭᠡᠯᠵᠢ ᠨᠢ ᠶᠡᠷᠦ ᠪᠠᠭᠠᠰᠤᠭᠰᠠᠨ ᠦᠭᠡᠢ ᠪᠠᠶᠢᠵᠤ᠂ ᠨᠡᠶᠢᠲᠡ ᠶᠢᠨ ᠮᠠᠰᠢᠨ ᠳᠤ ᠰᠠᠭᠤᠬᠤ ᠬᠦᠮᠦᠰ ᠴᠦ ᠶᠠᠪᠤᠬᠤ ᠲᠤᠲᠤᠮ ᠣᠯᠠᠰᠢᠷᠠᠵᠤ᠂ ᠨᠡᠶᠢᠲᠡ ᠶᠢᠨ ᠮᠠᠰᠢᠨ ᠳᠤ ᠰᠠᠭᠤᠬᠤ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ ᠠᠷᠭ᠎ᠠ ᠮᠠᠶ᠋ᠢᠭ ᠤᠨ ᠲᠡᠷᠢᠭᠦᠨ ᠰᠣᠩᠭᠤᠯᠲᠠ ᠪᠤᠯᠤᠭᠰᠠᠨ ᠪᠠᠶᠢᠨ᠎ᠠ  ᠃    ᠣᠶᠢᠯᠠᠭᠠᠭᠰᠠᠨ ᠢᠶᠠᠷ᠂ ᠪᠠᠯᠭᠠᠷᠭᠤᠣᠯ ᠪᠠᠯᠭᠠᠰᠤᠨ ᠤ ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠥᠬᠦ ᠠᠷᠠᠳ ᠎ ᠠᠴᠠ ᠰᠦᠢᠳᠬᠡᠯ ᠬᠤᠷᠢᠶᠠᠬᠤ ᠦᠭᠡᠢ ᠲᠥᠷᠦ ᠶᠢᠨ ᠪᠣᠳᠤᠯᠭ᠎ᠠ ᠪᠣᠯ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠨ ᠨᠢᠭᠡ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤ 2022 ᠣᠨ ᠤ 7 ᠰᠠᠷ᠎ᠠ ᠳᠤ ᠬᠤᠲᠠ ᠪᠠᠯᠭᠠᠰᠤᠨ ᠤ ᠨᠡᠶᠢᠲᠡ ᠶᠢᠨ ᠮᠠᠰᠢᠨ ᠲᠡᠷᠭᠡ ᠶᠢ ᠨᠡᠪᠲᠡᠷᠡᠭᠦᠯᠵᠦ᠂ ᠪᠥᠬᠦ ᠪᠠᠯᠭᠠᠰᠤᠨ ᠤ ᠰᠠᠭᠤᠭᠠᠯᠢ ᠠᠷᠠᠳ ᠲᠤ ᠡᠨᠡᠬᠦ ᠳᠥᠭᠦᠮ ᠳᠥᠲᠡ᠂ ᠪᠣᠬᠢᠷᠲᠤᠯ ᠦᠭᠡᠢ ᠵᠠᠮ ᠬᠠᠷᠢᠯᠴᠠᠭᠠᠨ ᠤ ᠨᠦᠬᠦᠴᠡᠯ ᠬᠠᠩᠭᠠᠭᠰᠠᠨ ᠠᠴᠠ ᠨᠠᠰᠢ᠂ ᠨᠡᠶᠢᠲᠡ 373277 ᠬᠥᠮᠥᠨ ᠤᠳᠠᠭ᠎ᠠ ᠰᠠᠭᠤᠵᠤ᠂ ᠡᠭᠦᠨ ᠤ ᠳᠣᠲᠣᠷ᠎ᠠ ᠰᠦᠢᠳᠬᠡᠯ  ᠬᠤᠷᠢᠶᠠᠭᠰᠠᠨ ᠦᠭᠡᠢ ᠨᠢ  293277 ᠬᠥᠮᠥᠨ ᠤᠳᠠᠭ᠎ᠠ ᠳᠤ ᠬᠥᠷᠴᠡᠢ᠃     ᠰᠦᠢᠳᠬᠡᠯ ᠬᠤᠷᠢᠶᠠᠬᠤ ᠦᠭᠡᠢ ᠨᠡᠶᠢᠲᠡ ᠶᠢᠨ ᠮᠠᠰᠢᠨ ᠲᠡᠷᠭᠡ ᠨᠢ ᠬᠤᠲᠠ ᠪᠠᠯᠭᠠᠰᠣᠨ ᠤ ᠵᠠᠮ ᠬᠠᠷᠢᠯᠴᠠᠭᠠᠨ ᠤ ᠦᠷ᠎ᠡ ᠪᠦᠲᠦᠮᠵᠢ ᠶᠢ ᠮᠡᠳᠡᠭᠳᠡᠮ᠎ᠡ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠢᠯᠡᠳᠲᠡ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ  ᠨᠡᠭᠦᠷᠡᠰᠦᠲᠥ᠋ᠷᠥᠭᠴᠢ ᠪᠠᠭ᠎ᠠ ᠪᠣᠬᠢᠷᠲᠤᠯ ᠦᠭᠡᠢ ᠵᠠᠮ ᠬᠠᠷᠢᠯᠴᠠᠭ᠎ᠠ ᠶᠢ ᠬᠥᠲᠥᠯᠥᠨ ᠵᠢᠯᠤᠭᠤᠳᠴᠤ᠂ ᠣᠷᠴᠢᠨ ᠠᠬᠤᠢ ᠶᠢᠨ ᠠᠭᠠᠷ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠨᠥᠬᠦᠴᠡᠯ ᠢ ᠪᠣᠶ ᠪᠣᠯᠭᠠᠬᠤ ᠳᠤ ᠢᠳᠡᠪᠬᠢᠲᠡᠢ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号