ᠪᠠᠷᠠᠭᠤᠨ ᠦᠵᠦᠮᠦᠴᠢᠨ ᠬᠤᠰᠢᠭᠤᠨ ᠤ ︽@ ᠴᠠᠭᠠᠨ ᠠᠳᠤᠭᠤ︾ ᠰᠣᠶᠣᠯ ᠵᠢᠭᠤᠯᠴᠢᠯᠠᠯ ᠤᠨ ᠨᠠᠶᠢᠷ ᠥᠪᠡᠳᠡᠭᠰᠢ ᠶᠡᠬᠡᠪᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2024/7/1
    6 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽@ ᠴᠠᠭᠠᠨ ᠠᠳᠤᠭᠤ︾ ᠰᠣᠶᠣᠯ ᠵᠢᠭᠤᠯᠴᠢᠯᠠᠯ ᠤᠨ ᠨᠠᠶᠢᠷ ᠨᠠᠮᠢᠷᠠᠭ᠎ᠠ ᠬᠤᠷ᠎ᠠ ᠲᠠᠢ ᠨᠢᠵᠢᠭᠢᠷ ᠶᠠᠪᠤᠭᠳᠠᠯ᠎ᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠯᠦ ᠬᠠᠢ ᠴᠢᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ ᠪᠦᠯᠦᠭᠯᠡᠯ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠴᠢᠨ ᠢ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠪᠡ᠃
    ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠠᠷᠠᠯᠵᠢᠶᠠᠴᠢᠨ ᠤᠷᠢᠬᠤ ᠣᠶᠢᠯᠠᠭᠠᠭᠳᠠᠬᠤᠨ  ᠢᠶᠠᠨ ᠢᠳᠡᠪᠬᠢᠲᠡᠢ ᠬᠤᠪᠢᠷᠠᠭᠤᠯᠵᠤ᠂ ᠣᠯᠠᠨ ᠲᠠᠯ᠎ᠠ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠤᠷᠢᠵᠤ᠂ ᠪᠥᠬᠦ ᠬᠤᠰᠢᠭᠤᠨ ᠤ ᠭᠤᠣᠯ ᠠᠵᠢᠯ ᠳᠤ ᠦᠢᠯᠡᠴᠢᠯᠡᠬᠦ ᠪᠠᠷ ᠭᠤᠣᠯᠳᠠᠯᠭ᠎ᠠ ᠪᠣᠯᠭᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠤᠨ ᠬᠠᠷᠠᠯᠲᠠ ᠶᠢ ᠪᠣᠳᠣᠯᠬᠢᠯᠠᠨ᠂ ᠮᠠᠰᠢ ᠣᠯᠠᠨ ᠰᠢᠯᠢᠳᠡᠭ ᠠᠵᠤ ᠠᠬᠤᠶᠢᠯᠠᠯ ᠢ ᠣᠷᠤᠭᠤᠯᠨ ᠠᠪᠴᠢᠷᠠᠭᠰᠠᠨ ᠪᠠᠶᠢᠨ᠎ᠠ᠃ ᠲᠣᠰ  ᠤᠳᠠᠭᠠᠨ ᠤ ︽@ ᠴᠠᠭᠠᠨ ᠠᠳᠤᠭᠤ︾ ᠰᠣᠶᠣᠯ ᠵᠢᠭᠤᠯᠴᠢᠯᠠᠯ ᠤᠨ ᠨᠠᠶᠢᠷ   ᠢ ᠭᠤᠣᠯᠯᠠᠨ ᠡᠷᠭᠢᠯᠡᠭᠰᠡᠨ ᠥᠪᠥᠷ ᠮᠣᠩᠭᠤᠯ ᠤᠨ ᠯᠦ ᠬᠠᠢ ᠴᠢᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ ᠪᠦᠯᠦᠭᠯᠡᠯ ᠨᠢ ᠦᠵᠦᠮᠦᠴᠢᠨ ᠲᠠᠯ᠎ᠠ ᠨᠤᠲᠤᠭ ᠲᠤ ᠠᠵᠢᠯ ᠦᠢᠯᠡᠰ ᠢᠶᠠᠨ ᠡᠬᠢᠯᠡᠭᠦᠯᠦᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ︽ᠴᠠᠭᠠᠨ ᠠᠳᠤᠭᠤᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ︾   ᠢ ᠪᠠᠶᠢᠭᠤᠯᠵᠤ᠂ ︽ᠲᠠᠯ᠎ᠠ ᠨᠤᠲᠤᠭ ᠤᠨ ᠰᠣᠶᠣᠯ   ᠢ  ᠭᠠᠳᠠᠭᠰᠢ ᠳᠡᠯᠭᠡᠷᠡᠭᠦᠯᠵᠦ᠂  ᠣᠯᠠᠨ ᠰᠢᠯᠢᠳᠡᠭ ᠰᠣᠶᠣᠯ ᠢ ᠣᠷᠣᠭᠤᠯᠤᠨ ᠠᠪᠴᠢᠷᠠᠬᠤ︾ ᠲᠠᠯ᠎ᠠ ᠪᠠᠷ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤᠨ ᠤ  ᠪᠣᠬᠢᠷᠲᠤᠯ ᠦᠭᠡᠢ ᠳᠠᠪᠠᠭᠤᠯᠢᠭ ᠡᠬᠢ ᠪᠠᠶᠠᠯᠢᠭ  ᠲᠤ ᠲᠦᠰᠢᠭᠯᠡᠨ᠂ ᠦᠵᠦᠮᠦᠴᠢᠨ ᠬᠤᠨᠢᠨ ᠮᠢᠬ᠎ᠠ ᠪᠠᠷ ᠭᠤᠣᠯ ᠪᠦᠲᠦᠭᠡᠭᠳᠡᠬᠦᠨ ᠪᠣᠯᠭᠠᠬᠤ ᠶᠢ ᠪᠠᠷᠢᠮᠲᠠᠯᠠᠨ᠂ ᠠᠷᠠᠳ ᠢᠷᠭᠡᠳ ᠲᠤ ᠪᠣᠬᠢᠷᠲᠤᠯ ᠦᠭᠡᠢ  ᠢᠳᠡᠭᠡᠨ ᠢ ᠬᠠᠩᠭᠠᠬᠤ ᠪᠠᠷ ᠬᠦᠰᠡᠯ ᠡᠷᠡᠮᠡᠯᠵᠡᠯ ᠢᠶᠠᠨ ᠪᠣᠯᠭᠠᠵᠤ᠂ ᠪᠠᠷᠠᠭᠤᠨ ᠦᠵᠦᠮᠦᠴᠢᠨ ᠤ ᠵᠠᠩ ᠠᠭᠠᠯᠢ ᠪᠠ ᠦᠨᠳᠦᠰᠦᠲᠡᠨ ᠤ ᠣᠨᠴᠠᠯᠢᠭ ᠢ ᠢᠳᠡᠪᠬᠢᠲᠡᠢ ᠤᠯᠠᠮᠵᠢᠯᠠᠨ ᠳᠡᠯᠭᠡᠷᠡᠭᠦᠯᠵᠦ᠂ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠭᠠᠷ ᠢᠷᠡᠵᠡᠢ᠃ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠳᠤ ᠬᠤᠪᠢ ᠨᠡᠮᠡᠷᠢ ᠦᠵᠡᠭᠦᠯᠬᠦ ᠶᠢᠨ ᠬᠠᠮᠲᠤ ᠪᠠᠰᠠ ᠨᠡᠶᠢᠲᠡ  ᠶᠢᠨ ᠠᠰᠠᠷᠠᠮᠵᠢ ᠶᠢᠨ ᠦᠢᠯᠡᠰ ᠲᠤ ᠬᠦᠴᠦ ᠨᠡᠮᠡᠷᠢᠯᠡᠵᠦ᠂ ᠨᠡᠶᠢᠭᠡᠮ ᠳᠤ ᠠᠴᠢ ᠬᠠᠷᠢᠭᠤᠯᠬᠤ ᠪᠠᠨ ᠮᠠᠷᠲᠠᠯ ᠦᠭᠡᠢ᠂ ᠲᠠᠯ᠎ᠠ ᠨᠤᠲᠤᠭ ᠤᠨ ᠠᠷᠠᠳ ᠲᠦᠮᠡᠨ ᠲᠠᠢ ᠰᠡᠳᠬᠢᠯ ᠨᠢᠭᠡᠳᠦᠨ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠢᠯᠡᠷᠡᠭᠦᠯᠪᠡ᠃
       ᠠᠵᠢᠯᠯᠠᠭ᠎ᠠ ᠶᠢᠨ ᠠᠬᠤᠢ ᠲᠠᠯᠠᠪᠠᠢ ᠳᠤ ᠳᠠᠭᠤᠤ ᠬᠤᠭᠤᠷ ᠡᠭᠡᠰᠢᠭᠯᠡᠵᠦ᠂ ᠥᠩᠭᠡᠲᠦ ᠲᠤᠭ ᠨᠠᠮᠢᠷᠠᠨ᠎ᠠ᠃ ᠡᠬᠢᠯᠡᠯᠲᠡ ᠶᠢᠨ ᠶᠣᠰᠣᠯᠠᠯ ᠨᠢ ᠮᠣᠷᠢᠨ ᠬᠤᠭᠤᠷ ᠤᠨ ᠤᠶᠠᠩᠭᠠᠲᠤ ᠠᠶᠠᠯᠭᠤ ᠪᠠᠷ ᠬᠥᠰᠢᠭᠡ ᠪᠠᠨ ᠰᠡᠬᠦᠵᠦ᠂ ᠦᠵᠡᠭᠦᠯᠦᠯᠭᠡ ᠶᠢᠨ ᠵᠢᠭᠰᠠᠭᠠᠯ ᠤᠨ ᠡᠩᠨᠡᠭᠡ ᠳᠠᠷᠠᠭᠠᠯᠠᠨ ᠲᠠᠯᠠᠪᠠᠶ ᠳᠤ ᠣᠷᠣᠵᠤ᠂ ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠯᠠᠭᠤᠮᠰᠤᠭ ᠵᠣᠴᠢᠨᠰᠠᠭ᠂ ᠲᠡᠰᠪᠦᠷᠢ ᠲᠡᠪᠴᠢᠶᠡᠷᠢᠲᠡᠢ᠂ ᠪᠦᠯᠬᠦᠮᠳᠡᠨ ᠲᠡᠮᠡᠴᠡᠵᠦ ᠴᠤᠴᠠᠯᠲᠠ ᠦᠭᠡᠢ ᠤᠷᠤᠭᠰᠢᠯᠠᠬᠤ ᠵᠣᠷᠢᠭ ᠰᠠᠨᠠᠭ᠎ᠠ ᠶᠢ ᠤᠷᠠᠯᠢᠭ ᠢᠯᠡᠷᠡᠭᠦᠯᠪᠡ᠃ ︽ᠳᠤᠮᠳᠠᠳᠤ ᠶᠢᠨ ᠬᠡᠪ ᠨᠠᠮᠪᠠ︾᠂ ︽99 ᠨᠣᠮᠧᠷᠲᠤ ᠵᠠᠰᠠᠮᠠᠯ ᠵᠠᠮ︾᠂ ︽ᠲᠠᠯ᠎ᠠ ᠨᠤᠲᠤᠭ ᠤᠨ ᠳᠠᠭᠤᠤ︾᠂ ᠤᠷᠲᠤ ᠶᠢᠨ ᠳᠠᠭᠤᠤ᠂ ᠬᠦᠮᠡᠢ᠂  ᠦᠵᠦᠮᠦᠴᠢᠨ ᠵᠣᠬᠢᠶᠠᠯ ᠤᠨ ᠳᠠᠭᠤᠤ᠂ ᠤᠳᠤ ᠦᠶ᠎ᠡ ᠶᠢᠨ ᠤᠷᠤᠰᠬᠠᠯ ᠳᠠᠭᠤᠤ ᠵᠡᠷᠭᠡ ᠨᠢ ᠦᠵᠡᠭᠴᠢ ᠣᠯᠠᠨ ᠢ ᠪᠠᠶᠠᠰᠬᠠᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠣᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ  ᠬᠠᠷᠠᠭᠤᠯᠪᠠ᠃
    ᠲᠣᠰ ᠤᠳᠠᠭᠠᠨ ᠤ ᠠᠵᠢᠯᠯᠠᠭ᠎ᠠ ᠳᠤ ᠤᠯᠠᠮᠵᠢᠯᠠᠯᠲᠤ ᠪᠥᠬᠡ ᠶᠢᠨ ᠤᠷᠤᠯᠳᠤᠭᠠᠨ᠂     ᠬᠡᠦᠬᠡᠳ ᠤᠨ ᠪᠥᠬᠡ᠂ 10 ᠺᠢᠯᠣᠮᠧᠲᠷ ᠤᠨ ᠴᠠᠭᠠᠨ ᠠᠳᠤᠭᠤᠨ ᠤ ᠠᠯᠤᠰ ᠤᠨ ᠮᠣᠷᠢᠨ ᠤ ᠤᠷᠤᠯᠳᠤᠭᠠᠨ᠂ 30 ᠮᠧᠲᠷ ᠤᠨ ᠤᠯᠠᠮᠵᠢᠯᠠᠯᠲᠤ ᠰᠤᠷ ᠬᠠᠷᠪᠤᠬᠤ ᠤᠷᠤᠯᠳᠤᠭᠠᠨ ᠵᠡᠷᠭᠡ ᠣᠯᠠᠨ  ᠲᠥᠷᠥᠯ ᠤᠨ ᠰᠣᠨᠢᠷᠬᠠᠯᠲᠠᠢ ᠤᠷᠤᠯᠳᠤᠭᠠᠨ ᠤ ᠵᠦᠢᠯ ᠢ ᠲᠣᠬᠢᠷᠠᠭᠤᠯᠤᠭᠰᠠᠨ ᠢᠶᠠᠷ ᠪᠠᠷᠠᠬᠤ ᠦᠭᠡᠢ ᠲᠤᠬᠠᠢ ᠶᠢᠨ ᠲᠠᠯᠠᠪᠤᠷ ᠲᠤ ᠰᠦᠢᠳᠬᠡᠯ ᠬᠤᠷᠢᠶᠠᠬᠤ ᠦᠭᠡᠢ ᠪᠠᠷ ︽ᠰᠢᠷᠠᠭᠰᠠᠨ ᠦᠬᠡᠷ︾ ︽ᠰᠢᠷᠠᠭᠰᠠᠨ ᠬᠤᠨᠢ︾ ᠵᠡᠷᠭᠡ ᠠᠮᠲᠠᠳᠤ ᠢᠳᠡᠭᠡᠨ ᠢ ᠠᠮᠰᠠᠭᠤᠯᠬᠤ᠂ ᠲᠦᠳᠡᠭ ᠭᠠᠯ᠂ ᠬᠤᠸᠠᠷ ᠫᠤᠤᠵᠢᠩ ᠪᠠ ᠳᠠᠭᠤᠤ ᠬᠥᠭᠵᠢᠮ ᠤᠨ ᠦᠳᠡᠰᠢᠯᠡᠭᠡ ᠵᠡᠷᠭᠡ ᠬᠥᠭᠵᠢᠶᠡᠨ ᠨᠠᠷᠭᠢᠶᠠᠨ ᠲᠠᠢ ᠠᠵᠢᠯᠯᠠᠭ᠎ᠠ ᠨᠤᠭᠤᠳ ᠢ ᠲᠣᠬᠢᠷᠠᠭᠤᠯᠵᠤ᠂ ᠲᠠᠯ᠎ᠠ ᠨᠤᠲᠤᠭ ᠤᠨ ᠵᠠᠩ ᠠᠭᠠᠯᠢ ᠪᠠ ᠠᠷᠠᠳ ᠤᠨ ᠵᠠᠩ ᠦᠶᠯᠡ ᠰᠣᠶᠣᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠨᠠᠶᠢᠷ ᠲᠤ ᠰᠠᠭᠠᠲᠠᠭᠰᠠᠨ ᠬᠤᠯᠠ ᠣᠶᠢᠷ᠎ᠠ ᠶᠢᠨ ᠵᠣᠴᠢᠳ ᠤᠨ ᠲᠠᠭᠠᠰᠢᠶᠠᠯ ᠳᠤ ᠬᠦᠷᠦᠭᠰᠡᠨ ᠪᠠᠶᠢᠨ᠎ᠠ᠃  
        ᠲᠣᠰ ᠤᠳᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ︽@ ᠴᠠᠭᠠᠨ ᠠᠳᠤᠭᠤ︾  ᠰᠣᠶᠣᠯ ᠵᠢᠭᠤᠯᠴᠢᠯᠠᠯ ᠤᠨ ᠨᠠᠶᠢᠷ ᠪᠣᠯ ᠵᠢᠭᠤᠯᠴᠢᠯᠠᠯ ᠬᠢᠭᠡᠳ ᠰᠣᠶᠣᠯ ᠲᠠᠮᠢᠷ ᠤᠨ ᠠᠵᠢᠯᠯᠠᠭ᠎ᠠ᠂ ᠠᠮᠲᠠᠲᠤ ᠢᠳᠡᠭᠡᠨ ᠢ ᠣᠷᠭᠠᠨᠢᠭ ᠢᠶᠠᠷ ᠠᠭᠤᠰᠤᠯᠴᠠᠭᠤᠯᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠭᠰᠠᠨ ᠨᠢᠭᠡ ᠤᠳᠠᠭᠠᠨ ᠤ ᠰᠢᠨ᠎ᠡ ᠰᠦᠪᠡᠭᠴᠢᠯᠡᠯᠲᠡ ᠪᠠ ᠦᠢᠯᠡᠳᠦᠯᠭᠡ  ᠪᠣᠯᠣᠭᠰᠠᠨ ᠢᠶᠠᠷ ᠪᠠᠷᠠᠬᠤ ᠦᠭᠡᠢ ᠨᠠᠩ ᠴᠤ ᠣᠷᠣᠨ ᠨᠤᠲᠤᠭ ᠲᠤ ᠰᠠᠭᠤᠭ᠎ᠠ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠦᠭᠰᠡᠨ ᠰᠠᠶᠢᠬᠠᠨ ᠠᠵᠢᠯᠯᠠᠭ᠎ᠠ ᠪᠣᠯᠣᠭᠰᠠᠨ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤ ᠨᠢ  ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠲᠠᠪᠴᠠᠩ  ᠬᠠᠩᠭᠠᠵᠤ᠂ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠪᠠ ᠰᠣᠶᠣᠯ ᠤᠨ ᠬᠥᠭᠵᠢᠯᠲᠡ ᠶᠢ  ᠠᠬᠢᠭᠤᠯᠤᠨ᠂ ᠴᠠᠭᠠᠨ ᠠᠳᠤᠭᠤᠨ ᠤ ᠰᠣᠶᠣᠯ ᠤᠨ ᠦᠵᠡᠰᠬᠦᠯᠡᠩᠲᠦ ᠰᠠᠶᠢᠬᠠᠨ ᠨᠡᠷᠡᠲᠦ ᠲᠡᠮᠳᠡᠭ ᠢ ᠴᠢᠨᠠᠭᠰᠢᠳᠠ ᠡᠭᠦᠳᠬᠦ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号