ᠲᠠᠪᠠᠭᠤᠯᠢᠭ ᠢᠶᠠᠨ ᠠᠰᠢᠭᠯᠠᠨ ᠰᠢᠯᠢᠳᠡᠭ ᠢ ᠮᠠᠯᠵᠢᠵᠣ ᠣᠷᠣᠯᠭ᠎ᠠ ᠪᠠᠨ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2024/7/1
   ᠪᠠᠶᠠᠨᠬᠤᠰᠢᠭᠤ ᠰᠣᠮᠣᠨ ᠤ ᠬᠠᠷᠠᠭᠠᠳᠣ ᠭᠠᠴᠠᠭᠠᠨ ᠤ ᠮᠠᠯᠴᠢᠨ ᠣᠷᠳᠣᠨᠠᠰᠣᠳᠣ ᠶᠢᠨ ᠬᠢ᠂ ᠡᠨᠡ ᠵᠢᠯ ᠲᠦᠴᠢ ᠰᠢᠬᠠᠮ ᠦᠨᠢᠶ᠎ᠠ ᠲᠣᠭᠤᠯᠯᠠᠵᠣ᠂ ᠡᠬᠡ ᠮᠠᠯ ᠤᠨ ᠬᠢᠨᠢ ᠲᠠᠷᠭᠤ ᠬᠦᠴᠦ ᠰᠠᠶᠢᠨ ᠪᠣᠯᠬᠤᠷ ᠲᠣᠭᠤᠯ ᠤᠨ ᠬᠢᠨᠢ ᠦᠰᠦᠯᠳᠡ ᠪᠣᠶᠢᠵᠢᠯᠲᠠ ᠴᠦ ᠰᠠᠶᠢᠨ ᠪᠠᠶᠢᠯ᠎ᠠ᠃    ᠣᠷᠳᠣᠨᠠᠰᠣᠳᠣ ᠶᠢᠨ ᠬᠢ ᠲᠡᠭᠡᠷ᠎ᠡ ᠵᠠᠭᠤᠨ ᠤ ᠶᠡᠷᠡᠭᠡᠳ ᠣᠨ ᠠᠴᠠ ᠱᠠᠷᠦ᠋ᠯᠠᠢ ᠡᠭᠦᠯᠳᠡᠷ ᠤᠨ ᠦᠭᠡᠷ ᠮᠠᠯᠵᠢᠵᠣ ᠡᠬᠢᠯᠡᠭᠰᠡᠨ ᠪᠠᠶᠢᠵᠣ᠂ ᠦᠭᠡᠷ ᠤᠨ ᠲᠤᠭ᠎ᠠ ᠲᠣᠯᠣᠭᠠᠢ ᠨᠢ ᠵᠢᠯ ᠲᠠᠷᠠᠭᠠᠯᠠᠨ ᠦᠰᠦᠭᠰᠡᠭᠡᠷ ᠥᠩᠭᠡᠷᠡᠭᠰᠡᠨ ᠵᠢᠯ ᠤᠳ ᠢᠶᠠᠷ ᠵᠠᠭᠤ ᠶᠢᠨ ᠲᠤᠭ᠎ᠠ ᠶᠢ ᠲᠠᠪᠠᠵᠣ ᠪᠠᠶᠢᠵᠠᠢ᠃ ᠡᠨᠡᠬᠦ ᠪᠠᠶᠢᠳᠠᠯ ᠳᠤ ᠲᠡᠷᠡ᠂ ᠭᠠᠴᠠᠭᠠᠨ ᠤ ᠪᠠᠨ  ᠬᠦᠮᠦᠨ  ᠪᠦᠷᠢ ᠳᠤ ᠨᠣᠭᠳᠠᠬᠤ ᠨᠣᠳᠤᠭ ᠪᠡᠯᠴᠢᠭᠡᠷ ᠤᠨ ᠬᠡᠪᠴᠢᠶ᠎ᠠ ᠬᠠᠷᠢᠴᠠᠩᠭᠤᠢ ᠪᠠᠭ᠎ᠠ᠂ ᠣᠯᠠᠨ ᠲᠦᠷᠦᠯ ᠤᠨ ᠮᠠᠯ ᠮᠠᠯᠵᠢᠬᠤ ᠳᠤ ᠲᠣᠬᠢᠷᠠᠬᠤ ᠦᠭᠡᠢ ᠪᠠᠶᠢᠭ᠎ᠠ ᠵᠡᠷᠭᠡ ᠪᠣᠳᠠᠳᠣ ᠪᠠᠶᠢᠳᠠᠯ ᠢᠶᠠᠷ ᠣᠷᠢᠳᠠᠯ ᠪᠣᠯᠭᠠᠵᠣ᠂ ᠦᠭᠡᠷ ᠤᠨ ᠢᠶᠠᠨ ᠡᠭᠦᠯᠳᠡᠷ ᠢ ᠨᠡᠩ ᠰᠠᠶᠢᠨ ᠰᠢᠯᠢᠳᠡᠭᠵᠢᠭᠦᠯᠬᠦ ᠶᠢᠨ ᠵᠡᠷᠭᠡ ᠪᠠᠷ ᠮᠠᠩᠬ᠎ᠠ ᠨᠦᠮᠦᠷᠢ᠂ ᠣᠰᠣ ᠪᠡᠯᠴᠢᠭᠡᠷ ᠤᠨ ᠨᠦᠮᠦᠷᠢ ᠨᠦᠭᠡᠯᠭᠡ ᠰᠠᠶᠢᠨ᠂ ᠡᠪᠡᠰᠦᠨ ᠤ ᠰᠢᠮ᠎ᠡ ᠴᠦ ᠵᠦᠭᠡᠷ ᠪᠠᠶᠢᠳᠠᠭ ᠲᠠᠪᠠᠭᠤᠯᠢᠭ ᠢᠶᠠᠨ ᠬᠦᠢᠴᠡᠳ ᠠᠰᠢᠭᠯᠠᠨ ᠲᠣᠰᠠᠬᠠᠢ ᠦᠭᠡᠷ ᠮᠠᠯᠵᠢᠬᠤ ᠡᠷᠦᠭᠡ ᠪᠣᠯᠬᠤ ᠪᠠᠷ ᠵᠣᠷᠢᠭᠰᠠᠨ ᠪᠠᠶᠢᠨ᠎ᠠ᠃     ᠣᠳᠣᠬᠠᠨ ᠤ ᠠᠭᠤᠷ ᠠᠮᠢᠰᠬᠤᠯ ᠤᠨ ᠬᠤᠪᠢᠷᠠᠯᠳᠠ᠂ ᠡᠪᠡᠰᠦ ᠪᠡᠯᠴᠢᠭᠡᠷ ᠤᠨ ᠣᠷᠭᠤᠴᠠ ᠪᠣᠯᠣᠨ ᠲᠦᠷᠦᠯ ᠵᠦᠢᠯ  ᠤᠨ ᠬᠤᠪᠢᠷᠠᠯᠳᠠ᠂ ᠵᠠᠬ᠎ᠠ ᠲᠡᠯᠭᠡᠭᠦᠷ ᠤᠨ ᠦᠨ᠎ᠡ  ᠬᠠᠩᠰᠢ ᠵᠡᠷᠭᠡ ᠨᠢ ᠬᠦᠮᠦᠰ ᠤᠨ ᠮᠠᠯᠵᠢᠯ ᠤᠨ ᠠᠷᠭ᠎ᠠ ᠬᠡᠯᠪᠡᠷᠢ ᠪᠠᠨ ᠬᠤᠪᠢᠷᠠᠭᠤᠯᠬᠤ ᠵᠠᠶᠢᠯᠡᠰᠢ ᠦᠭᠡᠢ ᠬᠦᠴᠦᠨ ᠪᠣᠯᠵᠣ ᠬᠤᠪᠢᠷᠠᠭᠰᠠᠨ ᠶᠣᠮ᠂ ᠡᠳᠡᠭᠡᠷ ᠪᠠᠶᠢᠳᠠᠯ ᠲᠣᠣᠷ᠎ᠠ ᠮᠠᠯᠴᠢᠨ ᠵᠠᠯᠠᠭᠤ ᠣᠷᠳᠣᠨᠠᠰᠣᠳᠣ ᠴᠦ ᠣᠣᠯ ᠠᠴᠠ ᠪᠠᠨ ᠪᠠᠷᠢᠮᠳᠠᠯᠠᠭᠰᠠᠭᠠᠷ ᠢᠷᠡᠭᠰᠡᠨ ᠡᠪᠡᠰᠦ ᠪᠡᠯᠴᠢᠭᠡᠷ ᠲᠤ ᠲᠦᠰᠢᠭᠯᠡᠨ ᠴᠢᠨᠠᠷᠯᠢᠭ ᠮᠠᠯᠵᠢᠬᠤ ᠠᠷᠭ᠎ᠠ ᠲᠣᠷᠰᠢᠯᠭ᠎ᠠ ᠪᠠᠨ ᠨᠡᠩ ᠰᠢᠯᠢᠳᠡᠭᠵᠢᠬᠦᠯᠦᠨ᠂ ᠪᠡᠯᠴᠢᠭᠡᠷ ᠤᠨ ᠲᠠᠭᠠᠭᠠᠴᠠ ᠳᠤ ᠪᠠᠨ ᠲᠣᠬᠢᠷᠠᠭᠤᠯᠣᠨ ᠦᠭᠡᠷ ᠤᠨ ᠲᠤᠭ᠎ᠠ ᠲᠣᠯᠣᠭᠠᠢ ᠪᠠᠨ ᠴᠦᠭᠡᠳᠬᠡᠵᠦ᠂ ᠵᠢᠯ ᠳᠡᠭᠡᠨ  ᠲᠦᠴᠢ ᠭᠠᠷᠣᠢ ᠲᠣᠭᠤᠯ ᠲᠣᠰᠴᠣ᠂ ᠦᠷ᠎ᠠ ᠶᠢᠨ ᠮᠠᠯ ᠢᠶᠠᠷ ᠪᠣᠷᠣᠯᠠᠭᠤᠯᠬᠤ᠂ ᠡᠷᠳᠡ ᠭᠠᠷᠭᠠᠯᠲᠠ ᠳᠤ ᠭᠠᠷᠭᠠᠬᠤ ᠵᠡᠷᠭᠡ ᠪᠠᠷ ᠪᠡᠯᠴᠢᠭᠡᠷ ᠤᠨ ᠲᠠᠷᠣᠭᠠᠰᠣ ᠪᠠᠨ ᠬᠦᠩᠬᠡᠯᠡᠨ᠂ ᠵᠠᠷᠣᠳᠠᠯ ᠮᠦᠩᠭᠦ ᠪᠠᠨ ᠬᠡᠮᠨᠡᠬᠦ ᠠᠷᠭ᠎ᠠ ᠶᠢ ᠠᠪᠴᠦ ᠡᠬᠢᠯᠡᠭᠰᠡᠨ ᠪᠠᠶᠢᠨ᠎ᠠ᠃   ᠣᠷᠳᠣᠨᠠᠰᠣᠳᠣ ᠶᠢᠨ ᠬᠢ ᠵᠢᠯ ᠳᠡᠭᠡᠨ ᠦᠭᠡᠷ ᠲᠡᠭᠡᠨ ᠲᠡᠵᠢᠭᠡᠯ ᠪᠣᠷᠳᠤᠭ᠎ᠠ ᠬᠡᠷᠡᠭᠯᠡᠳᠡᠭ ᠦᠭᠡᠢ᠂ ᠪᠠᠶᠢᠭᠠᠯᠢᠯᠢᠭ ᠪᠡᠯᠴᠢᠭᠡᠷ ᠪᠣᠯᠣᠨ ᠲᠠᠵᠢᠬᠡᠯ ᠡᠪᠡᠰᠦ ᠪᠠᠷ ᠮᠠᠯ ᠤᠨ ᠢᠶᠠᠨ ᠬᠦᠴᠦ ᠲᠠᠷᠭᠤ ᠶᠢ ᠪᠠᠳᠣᠯᠠᠵᠣ ᠪᠠᠶᠢᠳᠠᠭ ᠢᠶᠠᠷ ᠢᠶᠠᠨ ᠣᠨᠴᠠᠯᠢᠭᠳᠠᠳᠠᠭ᠂ ᠮᠦᠨ ᠴᠦ ᠨᠠᠮᠣᠷ ᠲᠠᠭᠠᠨ ᠲᠡᠵᠢᠭᠡᠯ ᠡᠪᠡᠰᠦ ᠪᠠᠨ ᠥᠪᠡᠷᠳᠡᠭᠡᠨ ᠬᠠᠳᠣᠵᠣ ᠲᠡᠭᠡᠭᠡᠪᠦᠷᠢᠯᠡᠳᠡᠭ ᠢᠶᠠᠷ ᠪᠠᠭ᠎ᠠ ᠪᠣᠰᠣ ᠵᠠᠷᠣᠳᠠᠯ ᠮᠥᠩᠭᠦ ᠶᠢ ᠠᠷᠪᠢᠯᠠᠵᠣ ᠴᠢᠳᠠᠳᠠᠭ ᠪᠦᠭᠡᠳ ᠮᠠᠩᠬ᠎ᠠ᠂ ᠪᠣᠳᠠ ᠪᠣᠷᠭᠠᠯᠵᠢ ᠲᠠᠢ ᠪᠡᠯᠴᠢᠭᠡᠷ ᠨᠢ ᠲᠣᠯᠠᠭᠠᠨ ᠨᠦᠮᠦᠷᠢ ᠲᠠᠢ ᠪᠣᠯᠬᠤᠷ ᠭᠠᠳᠠᠨ᠎ᠠ ᠪᠠᠨ ᠠᠪᠴᠢᠷᠠᠵᠣ ᠡᠪᠡᠰᠦᠯᠡᠬᠦ ᠬᠤᠭᠤᠴᠠᠭ᠎ᠠ ᠨᠢ ᠬᠠᠷᠢᠴᠠᠩᠭᠤᠢ ᠪᠣᠭᠤᠨᠢ ᠪᠠᠶᠢᠵᠣ᠂ ᠪᠠᠶᠢᠭᠠᠯᠢᠯᠢᠭ ᠪᠡᠯᠴᠢᠭᠡᠷ ᠲᠤ ᠲᠠᠯᠪᠢᠵᠦ ᠲᠠᠷᠭᠤ ᠬᠦᠴᠦ ᠶᠢ ᠪᠠᠳᠣᠯᠠᠬᠤ ᠨᠢ ᠲᠡᠭᠦᠨ ᠤ ᠣᠶᠢᠷ᠎ᠠ ᠶᠢᠨ ᠬᠡᠳᠦᠨ ᠵᠢᠯ ᠤᠨ ᠲᠣᠷᠰᠢ ᠪᠠᠷᠢᠮᠳᠠᠯᠠᠵᠣ᠂ ᠠᠮᠵᠢᠯᠲᠠ ᠣᠯᠵᠣ ᠢᠷᠡᠭᠰᠡᠨ ᠨᠢᠭᠡ ᠲᠠᠯ᠎ᠠ ᠪᠠᠶᠢᠯ᠎ᠠ᠃     ᠮᠠᠯ ᠤᠨ ᠲᠤᠭ᠎ᠠ ᠲᠣᠯᠣᠭᠠᠢ ᠪᠠᠨ  ᠪᠡᠯᠴᠢᠭᠡᠷ ᠤᠨ ᠢᠶᠠᠨ ᠲᠠᠭᠠᠭᠠᠴᠠ ᠳᠤ ᠲᠣᠬᠢᠷᠠᠭᠤᠯᠣᠨ᠂ ᠨᠣᠳᠤᠭ ᠪᠡᠯᠴᠢᠭᠡᠷ ᠤᠨ ᠲᠠᠪᠠᠭᠤᠯᠢᠭ ᠨᠦᠬᠦᠴᠡᠯ ᠢᠶᠠᠨ ᠬᠦᠢᠴᠠᠳ ᠠᠰᠢᠭᠯᠠᠨ᠂ ᠨᠠᠷᠢᠯᠢᠭ ᠲᠠᠩᠰᠠ ᠪᠣᠳᠣᠨ ᠵᠠᠷᠣᠳᠠᠯ ᠢᠶᠠᠨ ᠬᠡᠮᠨᠡᠨ ᠣᠷᠣᠯᠭ᠎ᠠ ᠪᠠᠨ ᠨᠡᠮᠡᠭᠳᠡᠬᠦᠯᠵᠦ ᠶᠠᠪᠣᠭ᠎ᠠ ᠮᠠᠯᠴᠢᠨ ᠣᠷᠳᠣᠨᠠᠰᠣᠳᠣ᠂ ᠪᠠᠶᠢᠭᠠᠯᠢ ᠠᠬᠤᠢ ᠪᠠᠨ ᠬᠠᠮᠠᠭᠠᠯᠠᠵᠣ ᠠᠰᠢᠭ ᠣᠷᠣᠯᠭ᠎ᠠ ᠪᠠᠨ ᠨᠡᠮᠡᠭᠳᠡᠬᠦᠯᠬᠦ ᠵᠠᠮ ᠢᠶᠠᠷ ᠵᠣᠷᠢᠭᠳᠠᠢ ᠴᠢᠷᠮᠠᠶᠢᠵᠣ ᠶᠠᠪᠣᠨ᠎ᠠ᠃        
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号