︽ᠬᠠᠮᠤᠭ ᠤᠨ ᠭᠤᠶᠣ ᠲᠠᠯᠠᠩ ᠲᠠᠢ ᠠᠷᠭᠠᠯ︾᠄ ᠮᠠᠯᠴᠢᠨ ᠲᠦᠮᠠᠨ ᠤ ᠠᠮᠢ ᠠᠬᠤᠢ ᠪᠠᠨ ᠬᠠᠮᠠᠭᠠᠯᠠᠬᠤ ᠦᠪᠡᠷᠮᠢᠴᠠ ᠤᠬᠠᠭᠠᠨ
ᠨᠡᠶᠢᠲᠡᠯᠡᠭᠰᠡᠨ ᠴᠠᠭ᠄
2024/7/1
    ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠣ ᠬᠤᠷᠠᠯ ᠠᠴᠠ  ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ ︽ᠬᠠᠮᠤᠭ ᠤᠨ ᠭᠤᠶᠣ ᠲᠠᠯᠠᠩ ᠲᠠᠢ ᠠᠷᠭᠠᠯ︾ ᠤᠨ ᠤᠷᠤᠯᠳᠤᠭᠠᠨ ᠠᠮᠵᠢᠯᠲᠠᠲᠠᠢ ᠶᠠᠪᠤᠭᠳᠠᠯ᠎ᠠ᠃     ᠲᠣᠰ ᠤᠳᠠᠭᠠᠨ ᠤ ᠤᠷᠤᠯᠳᠤᠭᠠᠨ ᠳᠤ ᠪᠦᠬᠦ ᠬᠤᠰᠢᠭᠤᠨ ᠤ ᠡᠯ᠎ᠠ ᠰᠣᠮᠤ ᠪᠠᠯᠭᠠᠰᠣᠨ ᠤ 80 ᠭᠠᠷᠤᠢ ᠮᠠᠯᠴᠢᠨ ᠢᠳᠠᠪᠬᠢᠳᠠᠢ ᠤᠷᠤᠯᠴᠠᠨ᠂ 4 ᠰᠠᠷ᠎ᠠ ᠶᠢᠨ 10 ᠤ ᠡᠳᠦᠷ ᠠᠴᠠ 6 ᠰᠠᠷ᠎ᠠ ᠶᠢᠨ 10 ᠤ ᠡᠳᠦᠷ ᠪᠤᠯᠳᠠᠯ᠎ᠠ ᠲᠠᠯᠠᠩ ᠲᠠᠢ ᠠᠷᠭᠠᠯ ᠤᠨ ᠪᠦᠲᠦᠭᠡᠯ ᠢᠶᠠᠨ ᠲᠤᠰᠢᠶᠠᠵᠦ᠂ 6 ᠰᠠᠷ᠎ᠡ ᠶᠢᠨ25 ᠤ ᠡᠳᠦᠷ ᠱᠠᠩᠨᠠᠯ ᠤᠯᠭᠤᠬᠤ ᠶᠤᠰᠣᠯᠠᠯ ᠶᠠᠪᠤᠭᠳᠠᠵᠡᠢ᠃   ᠤᠷᠤᠯᠳᠣᠭᠠᠨ ᠢ ᠮᠠᠯᠵᠢᠬᠤ ᠣᠷᠣᠨ ᠤ ᠦᠢᠯᠡᠳᠪᠦᠷᠢᠯᠡᠯ ᠤᠨ ᠬᠤᠭ ᠨᠣᠪᠰᠢ ᠶᠢ ᠰᠢᠢᠳᠪᠦᠷᠢᠯᠡᠬᠦ ᠪᠠ ᠲᠠᠬᠢᠨ ᠠᠰᠢᠭᠯᠠᠬᠤ ᠠᠵᠢᠯ ᠢ ᠰᠠᠶᠢᠲᠤᠷ ᠬᠢᠵᠦ᠂ ᠲᠠᠯᠠᠩ ᠲᠠᠢ ᠠᠷᠭᠠᠯ ᠬᠤᠷᠢᠶᠠᠬᠤ ᠤᠷ᠎ᠠ ᠮᠡᠷᠭᠡᠵᠢᠯ ᠢ ᠤᠯᠠᠮᠵᠢᠯᠠᠨ ᠪᠠᠳᠠᠷᠠᠭᠤᠯᠵᠦ᠂ ᠮᠠᠯᠵᠢᠬᠤ ᠣᠷᠣᠨ ᠤ ᠥᠷᠭᠡᠨ ᠤᠯᠠᠨ ᠡᠮᠡᠭᠲᠡᠶᠢᠴᠦᠳ ᠤᠨ ᠠᠮᠢ ᠠᠬᠤᠢ ᠶᠢᠨ ᠣᠷᠴᠢᠨ ᠲᠣᠭᠤᠷᠢᠨ ᠢᠶᠠᠨ ᠬᠠᠮᠠᠭᠠᠯᠠᠨ᠂ ᠪᠣᠬᠢᠷᠲᠤᠯ ᠦᠭᠡᠢ ᠪᠣᠯᠪᠠᠰᠤᠨ ᠠᠮᠢᠳᠤᠷᠠᠯ ᠤᠨ ᠵᠠᠩ ᠵᠠᠩᠰᠢᠯ ᠢ ᠡᠷᠬᠢᠮᠯᠡᠬᠦ ᠶᠢ ᠬᠥᠲᠥᠯᠥᠨ ᠵᠢᠯᠣᠭᠤᠳᠴᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠵᠤᠬᠢᠶᠠᠨ ᠪᠠᠶᠢᠭᠤᠯᠤᠨ ᠶᠠᠪᠤᠭᠳᠠᠭᠤᠯᠤᠭᠰᠠᠨ ᠪᠠᠶᠢᠨ᠎ᠠ᠃    ᠤᠷᠤᠯᠳᠤᠭᠠᠨ ᠳᠤ᠂ ᠲᠠᠯᠠᠩ ᠲᠠᠢ ᠠᠷᠭᠠᠯ ᠤᠨ ᠴᠡᠪᠡᠷ ᠲᠡᠭᠰᠢ᠂ ᠣᠷᠳᠣ᠂ ᠥᠷᠭᠡᠨ᠂ ᠥᠨᠳᠥᠷ ᠤᠨ ᠬᠡᠮᠵᠢᠶ᠎ᠡ ᠵᠡᠷᠭᠡ ᠲᠠᠯ᠎ᠠ ᠪᠠᠷ ᠠᠳᠠᠯᠢᠳᠬᠠᠨ ᠰᠢᠯᠭᠠᠷᠠᠭᠤᠯᠵᠤ᠂ ᠨᠢᠬᠡ ᠬᠤᠶᠠᠷ᠂ ᠭᠤᠷᠪᠠᠳᠤᠭᠠᠷ ᠨᠠᠷ᠎ᠠ᠂ ᠰᠢᠯᠢᠳᠡᠭ ᠨᠠᠷ᠎ᠠ ᠶᠢ ᠲᠤᠰ ᠲᠤᠰ ᠰᠢᠯᠭᠠᠷᠠᠭᠤᠯᠬᠤ ᠶᠢᠨ ᠬᠠᠮᠲᠤ ᠱᠠᠩᠨᠠᠯ  ᠤᠯᠭᠤᠵᠡᠢ᠃   ︽ᠠᠵᠢᠯᠴᠢ ᠠᠶᠢᠯ ᠢ ᠠᠷᠭᠠᠯ ᠠᠴᠠ ᠨᠢ︾ ᠬᠡᠳᠡᠭᠴᠢᠯᠠᠨ ᠲᠠᠯᠠᠩ ᠲᠠᠢ ᠠᠷᠭᠠᠯ ᠨᠢ ᠮᠠᠯᠴᠢᠨ  ᠲᠦᠮᠠᠨ ᠤ ᠠᠵᠢᠯᠴᠢ ᠭᠦᠳᠠᠯᠮᠤᠷᠢᠴᠢ ᠠᠪᠬᠠᠯᠵᠢ ᠤᠬᠠᠭᠠᠨ ᠢ ᠬᠠᠷᠠᠭᠤᠯᠵᠦ ᠪᠠᠶᠢᠬᠤ ᠪᠠᠷ ᠪᠠᠷᠠᠬᠤ ᠦᠭᠡᠢ᠂ ᠮᠠᠯᠴᠢᠳ ᠤᠨ ᠠᠮᠢ ᠠᠬᠤᠢ ᠶᠢ ᠬᠦᠨᠳᠦᠳᠬᠡᠬᠦ ᠤᠬᠠᠮᠰᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠡᠭᠡᠴᠡᠯᠳᠦᠯ ᠢ ᠠᠭᠤᠯᠵᠤ ᠪᠠᠶᠢᠳᠠᠭ᠃ ᠲᠠᠷᠡᠴᠢᠯᠠᠨ ᠦᠵᠦᠮᠦᠴᠢᠨ ᠨᠤᠲᠤᠭ ᠤᠨ ᠥᠪᠡᠷᠮᠢᠴᠡ ᠪᠥᠭᠡᠳ ᠦᠵᠡᠰᠬᠦᠯᠡᠩᠲᠦ ᠰᠠᠶᠢᠬᠠᠨ ᠦᠵᠡᠮᠵᠢ ᠪᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ  ᠳᠤ ᠲᠠᠰᠤᠷᠠᠯᠳᠡ ᠦᠭᠡᠢ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号