ᠳᠠᠭᠤᠤ ᠬᠥᠭᠵᠢᠮ ᠤᠨ ᠨᠠᠶᠢᠷ ᠪᠣᠯᠣᠨ ᠬᠤᠸᠠᠷ ᠫᠤᠤᠵᠢᠩ ᠤᠨ ᠦᠳᠡᠰᠢᠯᠡᠭᠡ  ᠨᠢᠵᠢᠭᠡᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/7/1
    6 ᠰᠠᠷ᠎ᠠ ᠶᠢᠨ 29 ᠤ ᠣᠷᠣᠢ᠂ 2024 ᠣᠨ ᠤ ᠪᠠᠷᠠᠭᠤᠨ ᠦᠵᠦᠮᠦᠴᠢᠨ ᠬᠤᠰᠢᠭᠤᠨ ᠤ ︽@  ᠴᠠᠭᠠᠨ ᠠᠳᠣᠭᠤ︾ ᠰᠣᠶᠣᠯ ᠵᠢᠭᠤᠯᠴᠢᠯᠠᠯ ᠤᠨ ᠨᠠᠶᠢᠷ ᠤᠨ ᠠᠭᠤᠯᠭ᠎ᠠ ᠶᠢᠨ ᠨᠢᠭᠡ ᠪᠣᠯᠬᠤ ᠳᠠᠭᠤᠤ ᠬᠥᠭᠵᠢᠮ ᠤᠨ ᠨᠠᠶᠢᠷ ᠪᠣᠯᠣᠨ ᠬᠤᠸᠠᠷ ᠫᠤᠤᠵᠢᠩ ᠤᠨ ᠦᠳᠡᠰᠢᠯᠡᠭᠡ ᠨᠢ ᠬᠤᠰᠢᠭᠤ ᠨᠠᠶᠢᠷ ᠤᠨ ᠲᠠᠯᠠᠪᠠᠢ ᠳᠤ ᠨᠢᠵᠢᠭᠡᠷ ᠰᠠᠶᠢᠬᠠᠨ ᠶᠠᠪᠤᠭᠳᠠᠪᠠ᠃ ᠰᠡᠳᠬᠢᠯ ᠬᠥᠭᠰᠡᠭᠦᠯᠦᠭᠰᠡᠨ ᠠᠶ᠎ᠠ ᠳᠠᠭᠤᠤ᠂ ᠰᠣᠯᠣᠩᠭᠠᠷᠠᠨ ᠭᠡᠷᠡᠯᠲᠦᠭᠰᠡᠨ ᠲᠠᠶᠢᠰᠠᠨ ᠵᠠᠰᠠᠯ᠂ ᠬᠤᠸᠠᠷ ᠫᠤᠤᠵᠢᠩ ᠵᠡᠷᠭᠡ ᠨᠢ ᠬᠦᠷᠦᠯᠴᠡᠨ ᠢᠷᠡᠭᠰᠡᠨ ᠦᠵᠡᠭᠴᠢᠳ ᠤᠨ ᠪᠠᠭ᠋ᠠᠷᠬᠠᠯ ᠢ ᠲᠠᠲᠠᠵᠤ᠂ ᠦᠳᠡᠰᠢᠯᠡᠭᠡ ᠨᠢ ᠬᠥᠷ ᠬᠥᠭᠵᠢᠶᠡᠨᠲᠡᠢ ᠰᠠᠶᠢᠬᠠᠨ ᠶᠠᠪᠤᠭᠳᠠᠪᠠ᠃
        ᠡᠷᠭᠦᠨ᠎ᠡ᠂ ᠴᠠᠭᠠᠨ ᠰᠤᠩᠬᠤᠷ᠂ ᠰᠠᠨᠰᠠᠷ ᠤᠨ ᠬᠥᠯᠦᠭ ᠵᠡᠷᠭᠡ ᠬᠠᠮᠲᠣᠯᠢᠭ ᠤᠨ ᠲᠣᠭᠯᠠᠭᠴᠢᠳ ᠤᠷᠠᠯᠢᠭ ᠲᠣᠭᠯᠠᠯᠲᠠ ᠪᠠᠷ ᠢᠶᠠᠨ ᠠᠬᠤᠢ ᠲᠠᠯᠠᠪᠠᠢ ᠶᠢ ᠬᠥᠭᠵᠢᠶᠡᠨ ᠢᠶᠠᠷ ᠪᠢᠯᠬᠠᠭᠤᠯᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠦᠵᠡᠭᠴᠢᠳ ᠲᠤ ᠭᠤᠶᠢᠳᠠ ᠰᠠᠶᠢᠬᠠᠨ ᠳᠠᠭᠤᠤ ᠬᠥᠭᠵᠢᠮ ᠤᠨ ᠨᠠᠶᠢᠷ ᠢ ᠰᠣᠨᠢᠷᠬᠠᠭᠤᠯᠪᠠ᠃ ︽ᠲᠠᠯ᠎ᠠ ᠨᠤᠲᠤᠭ ᠤᠨ ᠳᠠᠭᠤᠣ︾᠂ ︽ᠬᠤᠨ ᠭᠠᠯᠠᠭᠤ︾᠂ ︽ᠱᠠᠩᠬᠠᠢ ᠬᠢᠴᠡᠲᠡᠢ ᠪᠠᠨᠳᠤᠤᠲ︾᠂ ︽ᠬᠥᠭᠰᠢᠨ ᠬᠠᠶᠢᠯᠠᠰᠣ︾ ᠵᠡᠷᠭᠡ ᠳᠠᠭᠤᠤ ᠨᠢ  ᠳᠠᠭᠤᠤ ᠬᠥᠭᠵᠢᠮ ᠤᠨ ᠪᠠᠭ᠋ᠠᠲᠠᠳ ᠤᠨ ᠤᠷᠮ᠎ᠠ ᠶᠢ ᠬᠥᠭᠵᠢᠭᠡᠵᠤ᠂ ᠰᠣᠳᠣᠨ ᠡᠭᠡᠰᠢᠭ ᠢ ᠰᠣᠨᠣᠷᠲᠠᠭᠤᠯᠵᠣ᠂ ᠦᠵᠡᠭᠴᠢᠳ ᠲᠠᠭᠠᠨ ᠪᠠᠶᠠᠰᠴᠤ ᠪᠦᠵᠢᠭᠯᠡᠨ ᠨᠠᠶᠢᠷᠯᠠᠵᠤ᠂ ᠲᠠᠯ᠎ᠠ ᠨᠤᠲᠤᠭ ᠤᠨ ᠦᠳᠡᠰᠢ ᠶᠢᠨ ᠭᠦᠨ ᠢᠶᠠᠷ ᠬᠥᠷ ᠪᠠᠶᠠᠷ ᠤᠨ ᠳᠠᠭᠤᠨ ᠢ ᠴᠤᠤᠷᠢᠶᠠᠲᠤᠭᠤᠯᠪᠠ᠃
   ᠳᠠᠭᠤᠤ ᠬᠥᠭᠵᠢᠮ ᠤᠨ ᠨᠠᠶᠢᠷ ᠤᠨ ᠳᠠᠷᠠᠭ᠎ᠠ ᠪᠠᠰᠠ ᠬᠤᠸᠠᠷ ᠫᠤᠤᠵᠢᠩ ᠤᠨ ᠦᠳᠡᠰᠢᠯᠡᠭᠡ ᠶᠠᠪᠤᠭᠳᠠᠪᠠ᠃ ᠥᠩᠭᠡ ᠠᠯᠠᠭᠯᠠᠭᠰᠠᠨ ᠬᠤᠸᠠᠷ ᠫᠤᠤᠵᠢᠩ ᠰᠦᠨᠢ ᠶᠢᠨ ᠣᠭᠲᠠᠷᠭᠤᠢ ᠳᠤ ᠰᠣᠯᠣᠩᠭᠠᠷᠠᠵᠤ᠂ ᠰᠣᠨᠢᠷᠬᠠᠯᠲᠠᠢ ᠬᠡᠯᠪᠡᠷᠢ ᠳᠦᠷᠰᠦ᠂ ᠬᠠᠷᠠᠭ᠎ᠠ ᠪᠠᠶᠠᠰᠬᠠᠭᠰᠠᠨ ᠥᠩᠭᠡᠲᠦ ᠭᠡᠷᠡᠯ ᠨᠢ ᠬᠦᠮᠦᠰ ᠤᠨ ᠰᠣᠨᠢᠷᠬᠠᠯ ᠢ ᠲᠠᠲᠠᠵᠤ᠂ ᠬᠥᠭᠡᠷᠦᠨ ᠪᠠᠶᠠᠰᠤᠭᠰᠠᠨ ᠦᠵᠡᠭᠴᠢᠳ ᠣᠯᠠᠨ ᠢ ᠨᠡᠩ ᠪᠠᠶᠠᠰᠬᠠᠵᠤ᠂ ᠲᠤᠰ ᠤᠳᠠᠭᠠᠨ ᠤ ᠰᠣᠶᠣᠯ ᠵᠢᠭᠤᠯᠴᠢᠯᠠᠯ ᠤᠨ ᠨᠠᠶᠢᠷ ᠤᠨ ᠠᠮᠵᠢᠯᠲᠠ ᠲᠠᠢ  ᠶᠠᠪᠤᠭᠳᠠᠭᠰᠠᠨ ᠤ ᠪᠡᠯᠭᠡ ᠲᠡᠮᠳᠡᠭ ᠪᠣᠯᠣᠨ ᠭᠡᠷᠡᠯᠲᠦᠪᠡ᠃ ᠤᠯᠠᠨ ᠢᠶᠠᠷ ᠢᠶᠠᠨ ᠭᠠᠷ ᠤᠲᠠᠰᠤ ᠪᠠᠷ  ᠢᠶᠠᠨ ᠰᠡᠭᠦᠳᠡᠷ ᠵᠢᠷᠤᠭ ᠦᠯᠡᠳᠡᠭᠡᠨ ᠡᠨᠡᠬᠦ ᠬᠥᠭᠵᠢᠶᠡᠨᠲᠦ ᠴᠠᠭ ᠮᠥᠴᠡ ᠶᠢ ᠲᠡᠮᠳᠡᠭᠯᠡᠵᠦ ᠪᠠᠶᠢᠯ᠎ᠠ᠃ ᠡᠨᠡᠬᠦ ᠭᠤᠶᠢᠳᠠ ᠰᠠᠶᠢᠬᠠᠨ ᠦᠵᠡᠮᠵᠢ ᠨᠢ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠰᠠᠶᠢᠨ ᠰᠠᠶᠢᠬᠠᠨ ᠤ ᠪᠡᠯᠭᠡᠳᠡᠯ ᠪᠣᠯᠵᠤ ᠣᠯᠠᠨ ᠤ ᠬᠠᠷᠠᠭᠠᠨ ᠳᠤ ᠲᠣᠳᠣᠷᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号